ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠲᠤᠰᠬᠠᠶ ᠲᠤᠭᠤᠷᠢᠨ ᠪᠠᠶᠢᠴᠠᠭᠠᠯᠲᠠ ᠶᠢᠨ ᠪᠠᠶᠢᠷᠢᠯᠠᠭᠤᠯᠤᠯᠲᠠ ᠶᠣᠰᠣᠭᠠᠷ᠂ ᠲᠤᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠵᠠᠰᠠᠭ ᠵᠠᠬᠢᠷᠭᠠᠨ ᠤᠬᠢᠨᠠᠨ ᠵᠥᠪᠰᠢᠶᠡᠷᠡᠬᠦ᠂ ᠬᠠᠤᠯᠢ | ᠬᠡᠷᠡᠭᠵᠢᠭᠦᠯᠬᠦ ᠶᠢ ᠬᠢᠨᠠᠨ ᠬᠠᠮᠢᠶᠠᠷᠬᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠪᠠ ᠠᠷᠢᠭᠤᠨ ᠴᠢᠬᠡᠴᠢ ᠵᠠᠰᠠᠭ | ᠵᠠᠬᠢᠷᠭᠠᠨ ᠵᠡᠷᠬᠡ ᠳᠥᠷᠪᠡᠨ ᠲᠠᠯ᠎ᠠ ᠶᠢᠨ 21 ᠭᠤᠤᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯ ᠢ ᠦᠷᠨᠢᠭᠦᠯᠪᠡ᠃ | ᠤᠳᠤᠷᠢᠳᠬᠤ ᠪᠠᠭ ᠤᠨ ᠪᠦᠷᠢᠯᠳᠦᠬᠦᠨ ᠨᠡᠷ ᠠᠩᠭᠢ ᠳᠠᠭᠠᠭᠤᠯᠤᠨ ᠳᠠᠯᠳᠠᠭᠤᠷ ᠰᠤᠷᠪᠤᠯᠵᠢᠯᠠᠬᠤ ᠠᠵᠢᠯ ᠤᠨ | ᠳᠤᠭᠤᠶᠢᠯᠠᠩ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠪᠠᠶᠢᠴᠠᠭᠠᠯᠲᠠ ᠶᠢᠨ ᠠᠰᠠᠭᠤᠯᠲᠠ ᠶᠢᠨ | ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ 2᠂ ᠡᠭᠦᠷᠭᠡ ᠴᠢᠳᠠᠪᠤᠷᠢᠳᠤ ᠰᠠᠯᠠᠭ᠎ᠠ ᠮᠥᠴᠢᠷ 8᠂ ᠤᠲᠠᠰᠤ ᠪᠠᠷ 26 ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠠᠴᠠ ᠰᠠᠨᠠᠯ ᠬᠤᠷᠢᠶᠠᠵᠤ᠂ 6 ᠵᠤᠷᠪᠤᠰ ᠰᠠᠨᠠᠯ ᠰᠠᠨᠠᠭᠤᠯᠭ᠎ᠠ ᠬᠤᠷᠢᠶᠠᠪᠠ᠃ ᠰᠦᠯᠵᠢᠶᠡᠨ ᠳᠡᠭᠡᠷ᠎ᠡ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ | ᠣᠳᠣ ᠪᠣᠯᠲᠠᠯ᠎ᠠ᠂ ᠨᠡᠶᠢᠲᠡ 342 ᠵᠤᠷᠪᠤᠰ ᠰᠠᠨᠠᠯ ᠬᠤᠷᠢᠶᠠᠵᠠᠢ᠃ ᠡᠭᠦᠨ ᠤ ᠬᠠᠮᠲᠤ᠂ 2018 ᠣᠨ ᠠᠴᠠ ᠨᠠᠰᠢ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ ᠶᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠡᠮᠬᠢᠯᠡᠨ ᠳᠢᠭᠯᠡᠵᠦ ᠭᠠᠷᠭᠠᠭᠰᠠᠨ 9 ᠵᠤᠶᠢᠯ ᠤᠨ ᠠᠰᠠᠭᠤᠳᠠᠯ ᠤᠨ ᠰᠦᠪᠡᠭᠴᠢ ᠶᠢ | ᠰᠢᠢᠤᠡᠪᠤᠷᠢᠯᠡᠭᠰᠡᠨ ᠪᠠᠶᠢᠳᠠᠯ ᠳᠤ ︽ᠡᠷᠬᠢᠨ ᠬᠠᠷᠠᠬᠤ︾ ᠠᠵᠢᠯᠯᠠᠭ᠎ᠠ ᠬᠢᠪᠠ᠃ |