ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠶᠠ ᠴᠢᠩ ᠳ᠋ᠦᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2020/12/8
     ᠥᠪᠥᠷ ᠮᠣᠩᠭᠤᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠶᠠ ᠴᠢᠩ ᠳ᠋ᠦᠩ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠪᠦ᠋ ᠰᠢᠶᠤᠤ ᠯᠢᠨ ᠲᠡᠷᠢᠭᠦᠯᠡᠭᠴᠢ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠥᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ 2020 ᠣᠨ ᠤ ᠵᠠᠰᠠᠭ ᠤᠨ ᠣᠷᠳᠣᠨ ᠤ ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠣᠳᠣ ᠶᠢᠨ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠤ᠂ ᠦᠬᠠᠶ ᠪᠣᠯᠤᠨ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠤ ᠡᠵᠡᠮᠳᠡᠬᠦ ᠶᠢ ᠴᠢᠩᠬᠠᠳᠬᠠᠵᠤ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠦᠭᠡᠶ ᠬᠢᠵᠠᠭᠠᠷ ᠱᠤᠭᠤᠮ ᠢ ᠪᠠᠲᠤ ᠰᠠᠬᠢᠨ᠎ᠠ᠃ ᠪᠢᠳᠡ ᠲᠡᠷᠢᠭᠦᠯᠡᠭᠴᠢ ᠪᠦ᠋ ᠰᠢᠶᠤᠤ ᠯᠢᠨ ᠤ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃       ᠨᠢᠭᠡ ᠳᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠮᠵᠢᠯᠠᠯᠳᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠠᠯ᠎ᠠ ᠪᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠦᠨᠳᠦᠰᠦᠨ ᠠᠵᠤ ᠤᠶᠢᠯᠡᠰ ᠢ ᠬᠥᠭᠵᠢᠭᠦᠯᠬᠦ ᠡᠨᠡᠬᠦ ᠵᠠᠩᠬᠢᠯᠭ᠎ᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠬᠦᠭᠵᠢᠭᠦᠯᠬᠦ ᠬᠡᠷᠡᠭᠲᠡᠶ᠃ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠵᠤ ᠤᠶᠢᠯᠡᠤᠡᠪᠤᠷᠢ ᠶᠢᠨ ᠪᠣᠬᠢᠷᠲᠤᠯ ᠪᠠ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢ 80%᠎ ᠠᠴᠠ ᠳᠡᠭᠡᠭᠰᠢ ᠳᠤ ᠬᠦᠷᠭᠡᠬᠦ ᠶᠢ ᠦᠨᠡᠨᠬᠦ ᠪᠠᠲᠤᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠲᠣᠬᠢᠲᠠᠶ ᠰᠢᠢᠤᠡᠪᠤᠷᠢᠯᠡᠵᠤ᠂ ᠬᠥᠭᠵᠢᠯᠲᠡ ᠶᠢᠨ ᠠᠷᠭ᠎ᠠ ᠪᠠᠷ ᠵᠠᠰᠠᠭ ᠤᠨ ᠣᠷᠳᠣᠨ ᠤ ᠥᠷᠢ ᠰᠢᠷᠢ ᠶᠢᠨ ᠲᠦᠭᠰᠢᠭᠦᠷᠢ ᠶᠢ ᠠᠷᠢᠯᠭᠠᠨ᠂ ᠵᠠᠰᠠᠭ ᠤᠨ ᠣᠷᠳᠣᠨ ᠤ ᠥᠷᠢ ᠰᠢᠷᠢ ᠠᠷᠢᠯᠭᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠡᠶ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠬᠦ ᠲᠠᠯ᠎ᠠ ᠪᠠᠷ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠤ ᠬᠥᠭᠵᠢᠯᠲᠡ ᠶᠢᠨ ᠦᠵᠡᠯ ᠰᠠᠨᠠᠭ᠎ᠠ ᠶᠢ ᠭᠤᠶᠢᠪᠢᠰᠢ ᠦᠭᠡᠶ ᠪᠠᠷᠢᠮᠲᠠᠯᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠰᠢᠨ᠎ᠡ ᠶᠢ ᠡᠭᠦᠳᠬᠦ ᠤᠶᠢᠯᠡᠳᠤᠯ ᠢ ᠪᠠᠳᠠᠷᠠᠭᠤᠯᠬᠤ ᠬᠡᠷᠡᠭᠲᠡᠶ᠃ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠵᠤ ᠢᠷᠡᠬᠦ ᠪᠠ ᠬᠡᠷᠡᠭᠯᠡᠬᠦ ᠠᠵᠢᠯ ᠢ ᠴᠢᠩᠭᠠᠳᠬᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠢ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ᠂ ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠤᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠬᠠᠤᠯᠢ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠭᠠᠳᠠᠭᠰᠢᠯ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠵᠦ᠂ ︽ᠨᠢᠭᠡ ᠪᠦᠰᠡ ᠨᠢᠭᠡ ᠵᠠᠮ︾᠎ ᠤᠨ ᠤᠯᠤᠰ ᠤᠨ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号