ᠠᠷᠠᠳ ᠤᠨ ᠡᠳᠦᠷ ᠤᠨ ᠰᠣᠨᠢᠨ ᠤ ᠬᠢᠨ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠤ ᠰᠢᠶᠤᠤ ᠳ᠋ᠦᠩ ᠢ ᠲᠤᠰᠬᠠᠶᠢᠯᠠᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2020/12/8
     ᠣᠳᠣᠬᠠᠨ ᠳᠤ ᠠᠵᠢᠯ ᠤᠨ ᠪᠠᠶᠢᠷᠢ ᠳᠠᠭᠠᠨ ᠪᠤᠴᠠᠬᠤ ᠣᠷᠭᠢᠯ ᠤᠨ ᠬᠤᠭᠤᠴᠠᠭᠠᠨ ᠳᠤ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠰᠢᠨ᠎ᠡ ᠥᠷᠢᠰᠥᠯᠳᠦᠭᠡᠨ ᠠᠪᠴᠢᠷᠠᠭᠰᠠᠨ ᠪᠠᠶᠢᠨ᠎ᠠ᠃ ᠣᠳᠣᠬᠠᠨ ᠤ ᠬᠢᠵᠢᠭ ᠤᠨ ᠪᠠᠶᠢᠳᠠᠯ ᠤᠨ ᠡᠮᠦᠨ᠎ᠡ᠂ ᠬᠠᠶᠢᠷᠤᠪ ᠤᠨ ᠲᠣᠬᠤᠢ ᠲᠤᠭᠤᠷᠢᠭ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠪᠣᠶ︖ ᠠᠵᠤ ᠠᠬᠤᠶᠢᠯᠠᠯ ᠤᠨ ᠬᠡᠪ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠬᠡᠷᠬᠢᠨ ᠠᠬᠢᠭᠤᠯᠬᠤ ᠪᠤᠢ︖ ᠲᠥᠪ ᠠᠴᠠ ᠳᠤᠷᠠᠳᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠡᠷᠦᠩᠬᠡᠶ ᠱᠠᠭᠠᠷᠳᠠᠯᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ︖ 2 ᠰᠠᠷ᠎ᠠ ᠶᠢᠨ 16᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠰᠢᠨ᠎ᠡ ᠲᠢᠲᠢᠮ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠤᠡᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠦ᠋ ᠰᠢᠶᠤᠤ ᠳ᠋ᠦᠩ ︽ᠦᠬᠠᠶ ᠶᠢᠨ ᠡᠳᠦᠷ ᠤᠨ ᠰᠣᠨᠢᠨ︾᠎ ᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃      ᠰᠤᠷᠪᠤᠯᠵᠢᠯᠠᠭᠴᠢ᠄      ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠲᠠᠯ᠎ᠠ ᠪᠠᠷ᠂ ᠬᠠᠶᠢᠷᠤᠪ ᠤᠨ ᠲᠤᠭᠤᠷᠢᠭ ᠭᠤᠤᠯᠳᠠᠭᠤ ᠶᠠᠮᠠᠷ ᠶᠠᠮᠠᠷ ᠪᠣᠳᠠᠲᠠᠶ ᠠᠵᠢᠯ ᠬᠢᠭᠰᠡᠨ ᠪᠣᠶ︖      ᠡᠤ ᠰᠢᠶᠤᠤ ᠳ᠋ᠦᠩ ᠲᠠᠨ᠎ᠠ᠄      ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠨᠢ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠲᠠᠢ ᠬᠤᠯᠪᠣᠭᠳᠠᠨ᠎ᠠ᠃ ᠣᠳᠣᠬᠠᠨ ᠳᠤ ᠡᠷᠬᠡᠪᠰᠢ ᠪᠡᠶᠡᠯᠡᠭᠦᠯᠬᠦ ᠬᠡᠷᠡᠭᠲᠡᠶ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠬᠠᠶᠢᠷᠤᠪ ᠤᠨ ᠲᠣᠬᠤᠢ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠲᠥᠪ ᠬᠤᠷᠢᠶᠠᠨ ᠤ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠨᠢ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠢᠳᠡᠪᠬᠢᠲᠡᠢ ᠠᠷᠭᠠᠴᠠᠪᠠ᠃
     ᠡᠩ ᠲᠡᠷᠢᠭᠦᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠠᠮᠤᠭ ᠲᠡᠷᠢᠭᠦᠨ ᠳᠤ ᠬᠠᠶᠢᠷᠤᠪ ᠤᠨ ᠲᠣᠬᠤᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠ ᠠᠵᠢᠯ ᠤᠨ ᠵᠢᠯᠣᠭᠤᠳᠬᠤ ᠭᠠᠵᠠᠷ ᠢ ᠪᠠᠶᠢᠭᠤᠯᠵᠤ᠂ ︽ᠬᠠᠶᠢᠷᠤᠪ ᠤᠨ ᠲᠣᠬᠤᠢ ᠶᠢᠨ ᠲᠣᠭᠤᠷᠢᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠪᠣᠯᠤᠨ ᠴᠢᠬᠤᠯᠠ ᠶᠡᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠨᠢᠭᠡᠳᠦᠭᠡᠷ ᠳᠡᠰ ᠤᠨ ᠴᠤᠤᠷᠢᠶᠠᠲᠤᠯ ᠢ ᠡᠬᠢᠯᠡᠭᠦᠯᠵᠦ᠂ ᠡᠳᠦᠷ ᠪᠦᠷᠢ ᠲᠤᠬᠢᠷᠠᠭᠤᠯᠬᠤ᠂ ᠤᠳᠤᠷᠢᠳᠬᠤ ᠳᠤᠭᠤᠶᠢᠯᠠᠩ ᠠᠴᠠ ᠰᠤᠳᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠢᠯᠣᠭᠤᠳᠬᠤ ᠭᠠᠵᠠᠷ ᠢ ᠵᠣᠬᠢᠴᠠᠭᠤᠯᠤᠨ ᠨᠢᠭᠡᠳᠦᠯᠲᠡᠢ ᠳᠤ ᠲᠥᠯᠥᠪᠵᠢᠭᠦᠯᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ︽ᠤᠴᠢᠷ ᠶᠠᠪᠤᠳᠠᠯ ᠢ ᠰᠥᠨᠢ ᠥᠨᠵᠢᠬᠦ︾ ᠵᠠᠷᠴᠢᠮ ᠢ ᠪᠠᠷᠢᠮᠲᠠᠯᠠᠨ᠂ ᠵᠠᠰᠠᠭ ᠤᠨ ᠵᠠᠷᠯᠢᠭ ᠰᠠᠭᠠᠳ ᠦᠭᠡᠢ ᠨᠡᠪᠲᠡᠷᠡᠭᠦᠯᠬᠦ᠂ ᠵᠠᠷᠯᠢᠭ ᠢ ᠵᠠᠪᠠᠯ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠳᠠᠷᠠᠭᠠᠯᠠᠪᠠᠯ᠂ ᠬᠢᠵᠢᠭ ᠳᠡᠯᠭᠡᠷᠡᠬᠦ ᠪᠣᠭᠤᠮᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠲᠤᠳᠤᠭᠠᠳᠤ ᠭᠠᠳᠠᠭᠠᠳᠤ ᠶᠢ ᠬᠠᠮᠲᠤ ᠳᠤᠨᠢ ᠬᠠᠷᠠᠭᠠᠯᠵᠠᠬᠤ ᠶᠢ ᠪᠠᠲᠤᠯᠠᠬᠤ ᠬᠡᠷᠡᠭᠲᠡᠶ᠃ ᠬᠠᠶᠢᠷᠤᠪ ᠤᠨ ᠲᠣᠬᠤᠢ ᠣᠷᠣᠨ ᠳᠤ ᠠᠪᠴᠤ ᠬᠡᠯᠡᠪᠡᠯ᠂ ᠬᠢᠵᠢᠭ ᠤᠨ ᠪᠠᠶᠢᠳᠠᠯ ᠢ ᠬᠢᠵᠠᠭᠠᠷᠯᠠᠬᠤ ᠬᠠᠮᠤᠭ ᠤᠨ ᠰᠢᠭᠤᠳ ᠪᠥᠭᠡᠳ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠪᠣᠯ ᠬᠢᠵᠢᠭ ᠤᠨ ᠪᠠᠶᠢᠳᠠᠯ ᠤᠨ ᠣᠷᠣᠵᠤ ᠢᠷᠡᠬᠦ ᠵᠠᠮ ᠢ ᠴᠢᠩᠭ᠎ᠠ ᠰᠡᠷᠭᠡᠶᠢᠯᠡᠨ ᠰᠠᠬᠢᠵᠤ᠂ ᠵᠠᠰᠠᠮᠠᠯ ᠵᠠᠮ ᠤᠨ ᠣᠷᠣᠬᠤ ᠡᠭᠦᠳᠡ᠂ ᠭᠠᠯᠲᠤ ᠲᠡᠷᠭᠡᠨ ᠤ ᠥᠷᠲᠡᠭᠡ ᠪᠣᠯᠤᠨ ᠨᠢᠰᠬᠡᠯ ᠤᠨ ᠪᠠᠭᠤᠳᠠᠯ ᠳᠤ ᠪᠣᠭᠤᠮᠲᠠ ᠭᠠᠷᠭᠠᠬᠤ ᠶᠠᠪᠤᠳᠠᠯ ᠪᠣᠯᠤᠨ᠎ᠠ᠃ 24 ᠴᠠᠭ ᠤᠨ ᠳᠣᠲᠣᠷ᠎ᠠ ᠨᠠᠰᠢ ᠴᠠᠰᠢ ᠥᠩᠭᠡᠷᠡᠬᠦ ᠲᠡᠷᠭᠡ ᠪᠠ ᠬᠥᠮᠦᠰ ᠢ ᠳᠠᠩᠰᠠᠯᠠᠨ ᠪᠠᠶᠢᠴᠠᠭᠠᠵᠤ᠂ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠬᠢᠨ᠎ᠡ᠃ ᠳᠣᠲᠣᠭᠠᠳᠤ ᠳᠠᠭᠠᠨ ᠲᠠᠷᠬᠠᠬᠤ ᠶᠢ ᠡᠷᠡᠰ ᠰᠡᠷᠭᠡᠶᠢᠯᠡᠵᠦ᠂ ᠡᠯ᠎ᠡ ᠲᠥᠷᠥᠯ ᠤᠨ ᠰᠣᠶᠣᠯ ᠴᠡᠩᠭᠡᠯ ᠤᠨ ᠠᠵᠢᠯᠯᠠᠭ᠎ᠠ ᠶᠢ ᠬᠦᠴᠦᠨ ᠦᠭᠡᠢ ᠪᠣᠯᠭᠠᠵᠤ᠂ ᠬᠥᠮᠦᠰ ᠴᠤᠭᠯᠠᠷᠠᠭᠰᠠᠨ ᠵᠤᠭ᠎ᠠ ᠴᠡᠩᠭᠡᠯ ᠤᠨ ᠲᠠᠯᠠᠪᠤᠷ ᠭᠠᠵᠠᠷ ᠢ ᠬᠠᠭᠠᠵᠤ᠂ ᠰᠠᠭᠤᠭᠠᠯᠢ ᠠᠷᠠᠳ ᠤᠨ ᠲᠣᠭᠤᠷᠢᠭ ᠢ  ᠪᠢᠲᠡᠭᠦᠮᠵᠢᠯᠡᠨ ᠬᠠᠮᠢᠶᠠᠷᠴᠤ᠂ ᠭᠤᠤᠯᠳᠠᠯᠭ᠎ᠠ ᠲᠠᠢ ᠵᠢᠵᠢᠭ ᠲᠣᠭᠤᠷᠢᠭ᠂ ᠠᠰᠠᠷ ᠤᠨ ᠵᠠᠮ ᠳᠤ ᠲᠤᠰᠬᠠᠶ ᠮᠡᠷᠭᠡᠵᠢᠯ ᠤᠨ ᠤᠰᠠᠳᠬᠠᠬᠤ ᠠᠵᠢᠯ ᠬᠢᠬᠦ ᠬᠡᠷᠡᠭᠲᠡᠢ᠃ ᠣᠨᠣᠰᠢᠯᠠᠭᠰᠠᠨ 2 ᠡᠪᠡᠳᠴᠢᠲᠡᠨ ᠤ ᠵᠢᠱᠢᠶ᠎ᠡ ᠲᠠᠢ ᠨᠢᠭᠲᠠ ᠣᠶᠢᠷᠠᠲᠤᠭᠰᠠᠨ ᠬᠥᠮᠦᠰ ᠪᠣᠯᠤᠨ ᠬᠤᠪᠧᠶ ᠠᠴᠠ ᠪᠤᠴᠠᠭᠰᠠᠨ ᠬᠥᠮᠦᠰ ᠲᠤ ᠠᠨᠠᠭᠠᠬᠤ ᠤᠬᠠᠭᠠᠨ ᠤ ᠠᠵᠢᠭᠯᠠᠯᠲᠠ ᠬᠢᠵᠡᠶ᠃ ᠪᠤᠰᠤᠳ ᠭᠤᠤᠯᠳᠠᠯᠭ᠎ᠠ ᠲᠠᠢ ᠬᠢᠵᠢᠭᠲᠦ ᠣᠷᠣᠨ ᠳᠤ ᠪᠤᠴᠠᠵᠤ ᠢᠷᠡᠭᠰᠡᠨ ᠬᠥᠮᠦᠰ ᠲᠤ 14 ᠡᠳᠦᠷ ᠤᠨ ᠭᠡᠷ ᠲᠡᠭᠡᠨ ᠰᠠᠭᠤᠭᠰᠠᠨ ᠠᠨᠠᠭᠠᠬᠤ ᠤᠬᠠᠭᠠᠨ ᠤ ᠠᠵᠢᠭᠯᠠᠯᠲᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠬᠡᠷᠡᠭᠲᠡᠶ       ᠳᠠᠬᠢᠪᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠪᠥᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ ᠬᠠᠶᠢᠷᠤᠪ ᠤᠨ ᠲᠣᠬᠤᠢ ᠶᠢᠨ ᠲᠣᠭᠤᠷᠢᠭ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠯ᠎ᠡ ᠵᠤᠶᠢᠯ ᠤᠨ ᠰᠢᠨ᠎ᠡ ᠵᠠᠭᠤᠴᠢᠯᠠᠭᠤᠷ ᠤᠨ ᠪᠦᠲᠦᠭᠡᠭᠳᠡᠬᠦᠨ ᠢ ᠨᠡᠶᠢᠲᠡᠯᠡᠬᠦ᠂ ᠤᠳᠬ᠎ᠠ ᠤᠷᠠᠯᠢᠭ ᠤᠨ ᠪᠦᠳᠤᠭᠡᠯ ᠤᠨ ᠦᠵᠡᠭᠦᠯᠦᠯᠭᠡ ᠵᠡᠷᠭᠡ ᠣᠯᠠᠨ ᠲᠦᠮᠡᠨ ᠲᠠᠢ ᠣᠶᠢᠷᠠᠲᠤᠬᠤ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ ᠪᠦᠬᠦ ᠲᠤᠭᠤᠷᠢᠭ ᠪᠦᠬᠦᠨ ᠢ ᠬᠠᠮᠤᠷᠤᠭᠰᠠᠨ᠂ ᠥᠨᠴᠥᠭ ᠪᠤᠯᠤᠩ ᠦᠭᠡᠢ ᠬᠢᠵᠢᠭ ᠢ ᠰᠡᠷᠭᠡᠶᠢᠯᠡᠬᠦ ᠤᠬᠠᠭᠤᠯᠭ᠎ᠠ ᠦᠷᠨᠢᠭᠦᠯᠵᠤ᠂ ᠰᠦᠯᠵᠢᠶᠡᠨ ᠤ ᠲᠣᠤᠷ ᠰᠦᠯᠵᠢᠶᠡᠨ ᠤ ᠳᠣᠤᠷ᠎ᠠ ᠳᠠᠪᠲᠠᠮᠵᠢ ᠪᠠᠷ ᠳᠡᠷᠪᠡᠬᠦ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠵᠠᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号