ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/8
     12 ᠰᠠᠷ᠎ᠠ ᠶᠢᠨ 4᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠬᠤᠷᠠᠯ ᠠᠴᠠ ᠲᠥᠪ ᠤᠨ ︽︿ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠶ ᠰᠠᠨᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ︽ᠲᠤᠭᠤᠷᠢᠭ ᠤᠨ  ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ︾᠂ ︽ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠨ ᠰᠢᠯᠭᠠᠨ ᠦᠨᠡᠯᠡᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠪᠠ ︽ᠲᠤᠭᠤᠷᠢᠭ ᠤᠨ ᠨᠠᠮ ᠤᠨ ᠬᠤᠷᠢᠶ᠎ᠠ ᠶᠢᠨ ︿ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︿ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠭᠠᠯ︾᠎ ᠢ ᠨᠠᠶᠢᠳᠠᠪᠤᠷᠢᠵᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ﹀᠎ ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ︔ ᠨᠠᠮ ︵ᠠᠵᠤ ᠤᠶᠢᠯᠡᠤᠡᠪᠤᠷᠢ︶᠎ ᠤᠨ ᠵᠥᠪᠯᠡᠯ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠴᠢ ᠹᠸᠢ ᠶᠦᠨ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠠᠮ ᠤᠨ ᠪᠠᠶᠢᠭᠤᠯᠤᠯᠲᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠦᠨᠡᠨ ᠬᠦ ᠠᠵᠢᠯ ᠤᠨ ᠲᠠᠯ᠎ᠠ ᠪᠦᠬᠦᠨ ᠳᠤ ᠲᠤᠭᠤᠰᠢᠯᠠᠭᠤᠯᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠠᠵᠢᠯ ᠤᠶᠢᠯᠡᠰ ᠤᠨ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠬᠤ ᠬᠡᠷᠡᠭᠲᠡᠶ᠃ ᠤᠯᠤᠰ ᠲᠦᠷᠦ ᠶᠢᠨ ᠪᠠᠶᠢᠭᠤᠯᠤᠯᠲᠠ ᠪᠣᠯ ᠨᠠᠮ ᠤᠨ ᠦᠨᠳᠦᠰᠦᠨ ᠴᠢᠨᠠᠷᠲᠠᠶ ᠪᠠᠶᠢᠭᠤᠯᠤᠯᠲᠠ ᠮᠥᠨ᠂ ᠨᠠᠮ ᠤᠨ ᠪᠠᠶᠢᠭᠤᠯᠤᠯᠲᠠ ᠶᠢᠨ ᠰᠠᠶᠢᠨ ᠪᠠᠶᠢᠬᠤ ᠡᠰᠡᠬᠦ ᠶᠢ ᠶᠠᠭᠤᠨ ᠤ ᠡᠮᠦᠨ᠎ᠡ ᠤᠯᠤᠰ ᠲᠦᠷᠦ ᠶᠢᠨ ᠪᠠᠶᠢᠭᠤᠯᠤᠯᠲᠠ ᠶᠢ ᠪᠣᠳᠠᠲᠠᠶ ᠠᠤᠡᠬᠤᠭᠰᠠᠨ ᠡᠰᠡᠬᠦ ᠶᠢ ᠦᠵᠡᠬᠦ ᠬᠡᠷᠡᠭᠲᠡᠶ᠃ ᠪᠦᠬᠦ ᠲᠤᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠦᠵᠡᠯ ᠤᠬᠠᠮᠰᠠᠷ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠤᠬᠠᠮᠰᠠᠷ ᠠᠴᠠ ᠪᠠᠨ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠴᠠᠭ ᠢᠮᠠᠭᠲᠠ ᠰᠡᠷᠭᠡᠭ ᠤᠯᠤᠰ ᠲᠥᠷᠥ ᠶᠢᠨ ᠲᠠᠷᠢᠬᠢ ᠲᠣᠯᠣᠭᠠᠶ᠂ ᠬᠤᠷᠴᠠ ᠰᠡᠷᠭᠡᠭ ᠤᠯᠤᠰ ᠲᠥᠷᠥ ᠶᠢᠨ ᠠᠵᠢᠭᠯᠠᠬᠤ ᠴᠢᠳᠠᠪᠤᠷᠢ ᠪᠠ ᠢᠯᠭᠠᠨ ᠲᠠᠨᠢᠬᠤ ᠴᠢᠳᠠᠪᠤᠷᠢ ᠪᠠᠨ ᠪᠠᠲᠤᠯᠠᠵᠤ᠂ ᠤᠯᠤᠰ ᠲᠦᠷᠦ ᠶᠢᠨ ᠤᠬᠠᠮᠰᠠᠷ ᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠤᠡᠴᠤ᠂ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠥᠷᠭᠡᠳᠬᠡᠵᠦ᠂ ᠠᠵᠢᠯ ᠤᠨ ᠲᠥᠰᠦᠪᠯᠡᠯᠲᠡ ᠶᠢ ᠠᠬᠢᠭᠤᠯᠬᠤ ᠡᠷᠴᠢᠮ ᠢᠶᠠᠨ ᠴᠢᠩᠬᠠᠷᠠᠭᠤᠯᠵᠤ᠂ ᠬᠠᠷᠢᠭᠤᠴᠠᠯᠭ᠎ᠠ ᠶᠢ ᠣᠶᠢᠯᠭᠠᠨ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ ᠭᠦᠢᠴᠠᠤᠡᠭᠡᠬᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠯᠠᠨ᠂ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠᠷ ᠬᠠᠮᠤᠭ ᠤᠨ ᠦᠨᠳᠦᠰᠦᠨ ᠤᠯᠤᠰ ᠲᠥᠷᠥ ᠶᠢᠨ ᠡᠭᠦᠷᠭᠡᠯᠡᠯ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠤᠶᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号