ᠬᠠᠶᠢᠷᠤᠪ ᠤᠨ ᠲᠣᠬᠤᠢ ᠲᠣᠭᠤᠷᠢᠭ ᠤᠨ ᠬᠠᠢ ᠯᠠ ᠵᠠᠮ ᠢ ᠶᠠᠭᠤᠨ ᠳᠤ ᠪᠢᠲᠡᠭᠦᠮᠵᠢᠯᠡᠭᠰᠡᠨ ᠪᠤᠢ︖
ᠨᠡᠶᠢᠲᠡᠯᠡᠭᠰᠡᠨ ᠴᠠᠭ᠄
2020/12/9
     ᠤᠶᠢᠷ᠎ᠠ ᠳᠤ᠂ ᠬᠠᠶᠢᠷᠤᠪ ᠤᠨ ᠲᠣᠬᠤᠢ ᠲᠤᠭᠤᠷᠢᠭ ᠤᠨ ᠵᠠᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠬᠡᠷᠡᠭᠴᠡᠭᠡ ᠠᠴᠠ ᠪᠣᠯᠵᠤ᠂ ᠬᠠᠢ ᠯᠠ ᠵᠠᠮ 42 ᠡᠳᠦᠷ ᠤᠨ ᠬᠤᠭᠤᠴᠠᠭ᠎ᠠ ᠲᠠᠢ ᠬᠠᠭᠠᠰ ᠬᠡᠰᠡᠭ ᠢ ᠪᠦᠬᠦᠨ ᠢ ᠪᠢᠳᠡᠭᠦᠮᠵᠢᠯᠡᠭᠰᠡᠨ ᠪᠠᠶᠢᠨ᠎ᠠ᠃ ᠥᠭᠡᠷᠡᠴᠢᠯᠡᠨ ᠪᠠᠶᠢᠭᠤᠯᠬᠤ ᠵᠤᠶᠢᠯ ᠳᠤ ᠴᠤᠬᠤᠮ ᠶᠠᠭᠤ ᠶᠠᠭᠤ ᠪᠠᠶᠢᠬᠤ ᠪᠤᠢ︖ ᠶᠠᠭᠤᠨ ᠳᠤ ᠪᠠᠰᠠ ᠦᠭᠡᠷᠡᠴᠢᠯᠡᠬᠦ ᠬᠡᠷᠡᠭᠲᠡᠶ ᠪᠤᠢ︖ ᠡᠨᠡ ᠬᠦ ᠠᠰᠠᠭᠤᠳᠠᠯ ᠳᠤ ᠴᠢᠭᠯᠡᠭᠦᠯᠦᠨ᠂ ᠥᠨᠥᠳᠦᠷ ᠪᠢᠳᠡ ᠬᠠᠶᠢᠷᠤᠪ ᠤᠨ ᠲᠣᠬᠤᠢ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠂ ᠪᠠᠷᠢᠯᠭ᠎ᠠ ᠶᠢᠨ ᠠᠵᠢᠯ ᠤᠨ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ ᠶᠢᠨ ᠬᠠᠮᠢᠶ᠎ᠠ ᠪᠦᠬᠦᠢ ᠠᠵᠢᠯᠲᠠᠨ ᠢ ᠤᠷᠢᠵᠤ ᠰᠢᠭᠤᠳ ᠨᠡᠪᠲᠡᠷᠡᠭᠦᠯᠬᠦ ᠳᠠᠰᠤᠭ ᠲᠤ ᠣᠷᠣᠭᠤᠯᠵᠤ᠂ ᠣᠯᠠᠨ ᠳᠤ ᠬᠠᠷᠢᠭᠤᠯᠲᠠ ᠥᠭᠬᠦᠶ᠎ᠡ᠃      ᠡᠨᠡ ᠤᠳᠠᠭᠠᠨ ᠤ ᠵᠠᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠶᠠᠭᠤᠨ ᠳᠤ ᠬᠠᠢ ᠯᠠ ᠵᠠᠮ ᠳᠤ ᠶᠠᠪᠤᠭᠳᠠᠭᠤᠯᠬᠤ ᠪᠤᠢ︖ ᠬᠠᠶᠢᠷᠤᠪ ᠤᠨ ᠲᠣᠬᠤᠢ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶᠠᠨ ᠤ ᠠᠵᠢᠯᠲᠠᠨ ᠬᠤᠤ ᠴᠦᠨ ᠶᠠᠩ᠄ ︽ᠨᠢᠭᠡ ᠲᠤ ᠬᠠᠶᠢᠯᠠᠷ ᠵᠠᠮ ᠶᠢᠨ ᠲᠡᠪᠢᠰᠭᠦᠭᠰᠡᠨ ᠬᠤᠭᠤᠴᠠᠭ᠎ᠠ ᠨᠢ ᠨᠡᠯᠢᠶᠡᠳ ᠤᠷᠲᠤ᠂ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ᠂ ᠬᠡᠰᠡᠭ ᠭᠠᠵᠠᠷ ᠲᠤ ᠠᠮᠤᠷ ᠲᠦᠪᠰᠢᠨ ᠤ ᠳᠠᠯᠲᠠ ᠬᠡᠮ ᠣᠷᠣᠰᠢᠵᠤ ᠪᠠᠶᠢᠨ᠎ᠠ᠃     ᠬᠤᠶᠠᠷ ᠲᠤ ᠡᠨᠡ ᠵᠢᠯ ᠬᠤᠲᠠ ᠠᠴᠠ ᠬᠠᠶᠢᠯᠠᠷ ᠵᠠᠮ ᠤᠨ ᠪᠦᠬᠦ ᠱᠤᠭᠤᠮ ᠤᠨ ᠤᠰᠤ ᠴᠡᠪᠡᠷᠰᠢᠭᠦᠯᠬᠦ ᠬᠤᠭᠤᠯᠠᠶ ᠶᠢᠨ ᠲᠣᠤᠷ ᠲᠤ ᠥᠭᠡᠷᠡᠴᠢᠯᠡᠯᠲᠡ ᠬᠢᠵᠡᠶ᠃ ᠥᠭᠡᠷᠡᠴᠢᠯᠡᠭᠰᠡᠨ ᠤ ᠳᠠᠷᠠᠭᠠᠬᠢ ᠵᠠᠮ ᠢ ᠳᠠᠬᠢᠨ ᠰᠢᠨ᠎ᠡ ᠪᠠᠷ ᠳᠡᠪᠢᠰᠬᠦ ᠬᠡᠷᠡᠭᠲᠡᠶ᠃ ᠳᠡᠭᠡᠷᠡᠬᠢ ᠬᠤᠶᠠᠷ ᠵᠦᠢᠯ ᠤᠨ ᠪᠠᠶᠢᠳᠠᠯ ᠢ ᠦᠨᠳᠦᠰᠦᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠲᠣᠭᠤᠷᠢᠭ ᠤᠨ ᠵᠠᠮ ᠢ ᠥᠭᠡᠷᠡᠴᠢᠯᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠢ ᠯᠠ ᠵᠠᠮ ᠤᠨ ᠬᠡᠰᠡᠭ ᠪᠣᠬᠢᠷ ᠤᠰᠤᠨ ᠤ ᠬᠤᠭᠤᠯᠠᠢ ᠶᠢᠨ ᠲᠣᠣᠷ ᠪᠠ ᠪᠦᠬᠦᠯᠢ ᠴᠣᠭᠴᠠ ᠶᠢᠨ ᠵᠠᠮ ᠢ‌‍ᠲ᠋ᠡᠪᠢᠰᠦᠨ᠎ᠡ᠃ ᠢᠨᠵᠧᠨᠧᠷᠢᠩ ᠤᠨ ᠠᠮᠤᠷ ᠲᠦᠪᠰᠢᠨ᠂ ᠥᠨᠳᠥᠷ ᠪᠦᠲᠦᠮᠵᠢᠲᠡᠶ ᠪᠡᠶᠡᠯᠡᠭᠳᠡᠬᠦ ᠶᠢ ᠪᠠᠲᠤᠯᠠᠬᠤ ᠶᠢᠨ ᠲᠥᠯᠥᠭᠡ᠂ ᠪᠠᠷᠢᠯᠭ᠎ᠠ ᠶᠢᠨ ᠬᠤᠭᠤᠴᠠᠭᠠᠨ ᠳᠤ ᠬᠠᠭᠠᠰ ᠬᠡᠰᠡᠭ ᠢ ᠨᠢ ᠪᠢᠲᠡᠭᠦᠮᠵᠢᠯᠡᠵᠠᠢ᠂ ᠪᠠᠰᠠ ᠵᠠᠮ ᠬᠠᠷᠢᠯᠴᠠᠭᠠᠨ ᠤ ᠵᠢᠭᠠᠯᠲᠠ ᠫᠠᠶᠢᠰᠠ᠂ ᠭᠡᠷᠡᠯ ᠠᠰᠠᠭᠠᠬᠤ ᠳ᠋ᠧᠩ ᠲᠣᠬᠢᠷᠠᠭᠤᠯᠵᠤ᠂ ᠣᠷᠭᠢᠯ ᠤᠨ ᠬᠤᠭᠤᠴᠠᠭᠠᠨ ᠳᠤ ᠲᠤᠰᠬᠠᠶ ᠬᠥᠮᠦᠨ ᠵᠠᠮ ᠬᠠᠷᠢᠯᠴᠠᠭ᠎ᠠ ᠶᠢ ᠵᠢᠯᠣᠭᠤᠳᠴᠤ᠂ 9 ᠰᠠᠷ᠎ᠠ ᠶᠢᠨ 7᠎ ᠤ ᠡᠳᠦᠷ ᠠᠴᠠ 10 ᠰᠠᠷ᠎ᠠ ᠶᠢᠨ 20᠎ ᠤ ᠡᠳᠦᠷ ᠪᠣᠯᠲᠠᠯ᠎ᠠ ᠪᠠᠷᠢᠯᠭ᠎ᠠ ᠶᠢᠨ ᠠᠵᠢᠯ ᠬᠢᠳᠡᠭ᠃     ᠪᠠᠷᠢᠯᠭ᠎ᠠ ᠪᠠᠷᠢᠬᠤ ᠨᠢ ᠡᠷᠭᠢᠨ ᠲᠣᠭᠤᠷᠢᠨ ᠤ ᠰᠠᠭᠤᠭᠠᠯᠢ ᠠᠷᠠᠳ ᠲᠤ ᠳᠥᠭᠦᠮ ᠦᠭᠡᠢ ᠪᠣᠯᠵᠤ ᠮᠡᠳᠡᠨ᠎ᠡ᠂ ᠡᠭᠦᠨ ᠳᠤ ᠪᠢᠳᠡ ᠴᠢᠩ ᠰᠡᠳᠬᠢᠯ ᠠᠴᠠ ᠪᠠᠨ ᠪᠤᠷᠤᠭᠤ ᠬᠦᠯᠢᠶᠡᠵᠦ ᠪᠠᠶᠢᠨ᠎ᠠ︕ ᠡᠭᠦᠨ ᠤ ᠬᠠᠮᠲᠤ ᠪᠠᠰᠠ ᠤᠯᠠᠨ ᠤ ᠠᠭᠤᠴᠢᠯᠠᠯ ᠪᠠ ᠬᠠᠮᠵᠢᠯᠴᠠᠭ᠎ᠠ ᠶᠢ ᠬᠦᠰᠡᠵᠦ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号