ᠤᠶᠢᠷ᠎ᠠ ᠳᠤ᠂ ᠬᠠᠶᠢᠷᠤᠪ ᠤᠨ ᠲᠣᠬᠤᠢ ᠲᠤᠭᠤᠷᠢᠭ ᠤᠨ ᠵᠠᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ | ᠬᠡᠷᠡᠭᠴᠡᠭᠡ ᠠᠴᠠ ᠪᠣᠯᠵᠤ᠂ ᠬᠠᠢ ᠯᠠ ᠵᠠᠮ 42 ᠡᠳᠦᠷ ᠤᠨ ᠬᠤᠭᠤᠴᠠᠭ᠎ᠠ ᠲᠠᠢ ᠬᠠᠭᠠᠰ ᠬᠡᠰᠡᠭ ᠢ ᠪᠦᠬᠦᠨ ᠢ | ᠪᠢᠳᠡᠭᠦᠮᠵᠢᠯᠡᠭᠰᠡᠨ ᠪᠠᠶᠢᠨ᠎ᠠ᠃ ᠥᠭᠡᠷᠡᠴᠢᠯᠡᠨ ᠪᠠᠶᠢᠭᠤᠯᠬᠤ ᠵᠤᠶᠢᠯ ᠳᠤ ᠴᠤᠬᠤᠮ ᠶᠠᠭᠤ ᠶᠠᠭᠤ ᠪᠠᠶᠢᠬᠤ ᠪᠤᠢ︖ | ᠶᠠᠭᠤᠨ ᠳᠤ ᠪᠠᠰᠠ ᠦᠭᠡᠷᠡᠴᠢᠯᠡᠬᠦ ᠬᠡᠷᠡᠭᠲᠡᠶ ᠪᠤᠢ︖ ᠡᠨᠡ ᠬᠦ ᠠᠰᠠᠭᠤᠳᠠᠯ ᠳᠤ ᠴᠢᠭᠯᠡᠭᠦᠯᠦᠨ᠂ ᠥᠨᠥᠳᠦᠷ ᠪᠢᠳᠡ | ᠬᠠᠶᠢᠷᠤᠪ ᠤᠨ ᠲᠣᠬᠤᠢ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠂ ᠪᠠᠷᠢᠯᠭ᠎ᠠ ᠶᠢᠨ ᠠᠵᠢᠯ ᠤᠨ ᠨᠢᠭᠡᠴᠡ | ᠵᠢᠴᠢ ᠬᠢᠨᠠᠨ ᠬᠠᠮᠢᠶᠠᠷᠬᠤ ᠨᠢᠭᠡᠴᠡ ᠶᠢᠨ ᠬᠠᠮᠢᠶ᠎ᠠ ᠪᠦᠬᠦᠢ ᠠᠵᠢᠯᠲᠠᠨ ᠢ ᠤᠷᠢᠵᠤ ᠰᠢᠭᠤᠳ ᠨᠡᠪᠲᠡᠷᠡᠭᠦᠯᠬᠦ ᠳᠠᠰᠤᠭ ᠲᠤ | ᠣᠷᠣᠭᠤᠯᠵᠤ᠂ ᠣᠯᠠᠨ ᠳᠤ ᠬᠠᠷᠢᠭᠤᠯᠲᠠ ᠥᠭᠬᠦᠶ᠎ᠡ᠃ | ᠡᠨᠡ ᠤᠳᠠᠭᠠᠨ ᠤ ᠵᠠᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠶᠠᠭᠤᠨ ᠳᠤ ᠬᠠᠢ ᠯᠠ ᠵᠠᠮ ᠳᠤ | ᠶᠠᠪᠤᠭᠳᠠᠭᠤᠯᠬᠤ ᠪᠤᠢ︖ | ᠬᠠᠶᠢᠷᠤᠪ ᠤᠨ ᠲᠣᠬᠤᠢ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶᠠᠨ ᠤ ᠠᠵᠢᠯᠲᠠᠨ ᠬᠤᠤ ᠴᠦᠨ ᠶᠠᠩ᠄ ︽ | ᠨᠢᠭᠡ ᠲᠤ ᠬᠠᠶᠢᠯᠠᠷ ᠵᠠᠮ ᠶᠢᠨ ᠲᠡᠪᠢᠰᠭᠦᠭᠰᠡᠨ ᠬᠤᠭᠤᠴᠠᠭ᠎ᠠ ᠨᠢ ᠨᠡᠯᠢᠶᠡᠳ ᠤᠷᠲᠤ᠂ ᠲᠡᠷᠭᠡᠨ ᠤ ᠤᠷᠤᠰᠬᠠᠯ ᠤᠨ | ᠬᠡᠮᠵᠢᠶ᠎ᠡ ᠶᠡᠭᠡ᠂ ᠬᠡᠰᠡᠭ ᠭᠠᠵᠠᠷ ᠲᠤ ᠠᠮᠤᠷ ᠲᠦᠪᠰᠢᠨ ᠤ ᠳᠠᠯᠲᠠ ᠬᠡᠮ ᠣᠷᠣᠰᠢᠵᠤ ᠪᠠᠶᠢᠨ᠎ᠠ᠃ | ᠬᠤᠶᠠᠷ ᠲᠤ ᠡᠨᠡ ᠵᠢᠯ ᠬᠤᠲᠠ ᠠᠴᠠ ᠬᠠᠶᠢᠯᠠᠷ ᠵᠠᠮ ᠤᠨ ᠪᠦᠬᠦ ᠱᠤᠭᠤᠮ ᠤᠨ ᠤᠰᠤ ᠴᠡᠪᠡᠷᠰᠢᠭᠦᠯᠬᠦ | ᠬᠤᠭᠤᠯᠠᠶ ᠶᠢᠨ ᠲᠣᠤᠷ ᠲᠤ ᠥᠭᠡᠷᠡᠴᠢᠯᠡᠯᠲᠡ ᠬᠢᠵᠡᠶ᠃ ᠥᠭᠡᠷᠡᠴᠢᠯᠡᠭᠰᠡᠨ ᠤ ᠳᠠᠷᠠᠭᠠᠬᠢ ᠵᠠᠮ ᠢ ᠳᠠᠬᠢᠨ ᠰᠢᠨ᠎ᠡ ᠪᠠᠷ | ᠳᠡᠪᠢᠰᠬᠦ ᠬᠡᠷᠡᠭᠲᠡᠶ᠃ ᠳᠡᠭᠡᠷᠡᠬᠢ ᠬᠤᠶᠠᠷ ᠵᠦᠢᠯ ᠤᠨ ᠪᠠᠶᠢᠳᠠᠯ ᠢ ᠦᠨᠳᠦᠰᠦᠯᠡᠵᠦ᠂ ᠬᠠᠶᠢᠷᠤᠪ ᠤᠨ ᠲᠣᠬᠤᠢ | ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ | ᠲᠣᠭᠤᠷᠢᠭ ᠤᠨ ᠵᠠᠮ ᠢ ᠥᠭᠡᠷᠡᠴᠢᠯᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠢ ᠯᠠ ᠵᠠᠮ ᠤᠨ | ᠬᠡᠰᠡᠭ ᠪᠣᠬᠢᠷ ᠤᠰᠤᠨ ᠤ ᠬᠤᠭᠤᠯᠠᠢ ᠶᠢᠨ ᠲᠣᠣᠷ ᠪᠠ ᠪᠦᠬᠦᠯᠢ ᠴᠣᠭᠴᠠ ᠶᠢᠨ ᠵᠠᠮ ᠢᠲ᠋ᠡᠪᠢᠰᠦᠨᠡ᠃ | ᠢᠨᠵᠧᠨᠧᠷᠢᠩ ᠤᠨ ᠠᠮᠤᠷ ᠲᠦᠪᠰᠢᠨ᠂ ᠥᠨᠳᠥᠷ ᠪᠦᠲᠦᠮᠵᠢᠲᠡᠶ ᠪᠡᠶᠡᠯᠡᠭᠳᠡᠬᠦ ᠶᠢ ᠪᠠᠲᠤᠯᠠᠬᠤ ᠶᠢᠨ ᠲᠥᠯᠥᠭᠡ᠂ | ᠪᠠᠷᠢᠯᠭ᠎ᠠ ᠶᠢᠨ ᠬᠤᠭᠤᠴᠠᠭᠠᠨ ᠳᠤ ᠬᠠᠭᠠᠰ ᠬᠡᠰᠡᠭ ᠢ ᠨᠢ ᠪᠢᠲᠡᠭᠦᠮᠵᠢᠯᠡᠵᠠᠢ᠂ ᠪᠠᠰᠠ ᠵᠠᠮ ᠬᠠᠷᠢᠯᠴᠠᠭᠠᠨ ᠤ ᠵᠢᠭᠠᠯᠲᠠ | ᠫᠠᠶᠢᠰᠠ᠂ ᠭᠡᠷᠡᠯ ᠠᠰᠠᠭᠠᠬᠤ ᠳ᠋ᠧᠩ ᠲᠣᠬᠢᠷᠠᠭᠤᠯᠵᠤ᠂ ᠣᠷᠭᠢᠯ ᠤᠨ ᠬᠤᠭᠤᠴᠠᠭᠠᠨ ᠳᠤ ᠲᠤᠰᠬᠠᠶ ᠬᠥᠮᠦᠨ ᠵᠠᠮ | ᠬᠠᠷᠢᠯᠴᠠᠭ᠎ᠠ ᠶᠢ ᠵᠢᠯᠣᠭᠤᠳᠴᠤ᠂ 9 ᠰᠠᠷ᠎ᠠ ᠶᠢᠨ 7 ᠤ ᠡᠳᠦᠷ ᠠᠴᠠ 10 ᠰᠠᠷ᠎ᠠ ᠶᠢᠨ 20 ᠤ ᠡᠳᠦᠷ ᠪᠣᠯᠲᠠᠯ᠎ᠠ | ᠪᠠᠷᠢᠯᠭ᠎ᠠ ᠶᠢᠨ ᠠᠵᠢᠯ ᠬᠢᠳᠡᠭ᠃ | ᠪᠠᠷᠢᠯᠭ᠎ᠠ ᠪᠠᠷᠢᠬᠤ ᠨᠢ ᠡᠷᠭᠢᠨ ᠲᠣᠭᠤᠷᠢᠨ ᠤ ᠰᠠᠭᠤᠭᠠᠯᠢ ᠠᠷᠠᠳ ᠲᠤ ᠳᠥᠭᠦᠮ ᠦᠭᠡᠢ ᠪᠣᠯᠵᠤ ᠮᠡᠳᠡᠨ᠎ᠡ᠂ | ᠡᠭᠦᠨ ᠳᠤ ᠪᠢᠳᠡ ᠴᠢᠩ ᠰᠡᠳᠬᠢᠯ ᠠᠴᠠ ᠪᠠᠨ ᠪᠤᠷᠤᠭᠤ ᠬᠦᠯᠢᠶᠡᠵᠦ ᠪᠠᠶᠢᠨ᠎ᠠ︕ ᠡᠭᠦᠨ ᠤ ᠬᠠᠮᠲᠤ ᠪᠠᠰᠠ ᠤᠯᠠᠨ ᠤ | ᠠᠭᠤᠴᠢᠯᠠᠯ ᠪᠠ ᠬᠠᠮᠵᠢᠯᠴᠠᠭ᠎ᠠ ᠶᠢ ᠬᠦᠰᠡᠵᠦ ᠪᠠᠶᠢᠨ᠎ᠠ᠃ |