ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠶ | ᠲᠣᠭᠤᠷᠢᠭ ᠤᠨ ᠡᠯ ᠡ ᠠᠵᠢᠯ ᠲᠥᠷᠥᠯ ᠤᠨ ᠴᠡᠷᠢᠭ ᠠᠴᠠ ᠬᠠᠯᠠᠭᠳᠠᠭᠰᠠᠳ ᠠᠷᠠᠳ ᠲᠦᠮᠡᠨ ᠲᠠᠢ ᠰᠡᠳᠬᠢᠯ | ᠵᠢᠷᠦᠬᠡ ᠪᠠᠨ ᠬᠤᠯᠪᠣᠵᠤ᠂ ᠥᠴᠦᠬᠡᠨ ᠴᠦ ᠠᠶᠤᠬᠤ ᠥᠬᠡᠶ᠂ ᠭᠠᠪᠰᠢᠭᠠᠶᠢᠯᠠᠨ ᠳᠠᠭᠠᠷᠢᠵᠤ᠂ ︽ᠬᠡᠷᠪᠡ ᠪᠠᠶᠢᠯᠳᠤᠭᠠᠨ | ᠪᠠᠶᠢᠪᠠᠯ ᠵᠠᠪᠠᠯ ᠣᠴᠢᠬᠤ︾ ᠤᠭ ᠰᠠᠨᠠᠭ᠎ᠠ ᠪᠠ ᠡᠷᠡᠰ ᠵᠣᠷᠢᠭ ᠢᠶᠠᠷ᠂ ᠰᠠᠨᠠᠭᠠᠴᠢᠯᠠᠭ᠎ᠠ ᠠᠴᠠ ᠪᠠᠨ ᠵᠠᠯᠪᠠᠷᠢᠵᠤ᠂ ︽ | ᠬᠠᠶᠢᠷᠤᠪ ᠤᠨ ᠲᠣᠬᠤᠶ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠢᠵᠢᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠭᠠᠪᠰᠢᠭᠠᠶ ᠠᠩᠭᠢ︾ ᠶᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠶᠠᠪᠤᠵᠤ᠂ ᠰᠥᠰᠥ ᠵᠣᠷᠢᠭ ᠪᠠ ᠡᠭᠦᠷᠭᠡᠯᠡᠯ ᠢᠶᠠᠷ | ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠤᠪᠢ ᠨᠡᠮᠡᠷᠢ ᠦᠵᠡᠭᠦᠯᠪᠡ᠃ | 2 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ᠂ ᠬᠤᠲᠠ ᠶᠢᠨ ᠤᠯᠠᠭᠠᠨ | ᠵᠠᠭᠠᠯᠮᠠᠢᠲᠠᠨ ᠤ ᠨᠡᠶᠢᠭᠡᠮᠯᠢᠭ ᠲᠤ ᠪᠡᠯᠡᠭᠯᠡᠨ ᠬᠦᠷᠭᠡᠭᠰᠡᠨ ᠨᠢᠭᠡ ᠪᠦᠯᠦᠭ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤ ᠬᠡᠷᠡᠭᠰ ᠡᠬᠦ ᠡᠳ᠋ ᠪᠣᠳᠠᠰ ᠢ ᠮᠠᠨ ᠤ ᠬᠤᠲᠠ ᠳᠤ ᠲᠡᠭᠡᠭᠡᠪᠦᠷᠢᠯᠡᠨ ᠠᠪᠴᠢᠷᠠᠵᠤ᠂ 18 ᠭᠠᠪᠰᠢᠭᠠᠶ | ᠠᠩᠭᠢ ᠶᠢᠨ ᠪᠦᠷᠢᠯᠳᠦᠬᠦᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ 20 ᠮᠢᠨᠦ᠋ᠲ ᠲᠤ ᠡᠨᠡ ᠪᠦᠯᠦᠭ | ᠡᠳ᠋ ᠪᠣᠳᠠᠰ ᠢ ᠲᠡᠷᠭᠡᠨ ᠳᠡᠭᠡᠷ᠎ᠡ ᠠᠴᠠ ᠪᠠᠭᠤᠯᠭᠠᠵᠤ᠂ ᠲᠠᠷᠢ ᠲᠡᠭᠰᠢ ᠬᠥᠮᠥᠷᠭᠡ ᠳᠤ ᠲᠠᠯᠪᠢᠵᠠᠶ᠃ ᠲᠤᠬᠠᠶ ᠶᠢᠨ ᠡᠳᠦᠷ | ᠂ ᠭᠠᠪᠰᠢᠭᠠᠶ ᠠᠩᠭᠢ ᠶᠢᠨ ᠭᠡᠰᠢᠭᠦᠳ ᠪᠠᠰᠠ 4 ᠲᠣᠨ ᠨᠡᠭᠦᠷᠡᠰᠦ ᠶᠢ ᠲᠥᠪᠯᠡᠷᠡᠭᠦᠯᠦᠨ ᠲᠡᠭᠡᠭᠡᠪᠦᠷᠢᠯᠡᠵᠦ᠂ ᠪᠠᠰᠠ | ᠬᠠᠶᠢᠷᠤᠪ ᠤᠨ ᠲᠣᠬᠤᠢ ᠶᠢᠨ ᠲᠣᠭᠤᠷᠢᠭ ᠤᠨ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠵᠢᠵᠢᠭ | ᠲᠣᠭᠤᠷᠢᠭ ᠤᠨ ᠬᠢᠵᠢᠭ ᠤᠨ ᠪᠠᠶᠢᠳᠠᠯ ᠢ ᠵᠢᠵᠢᠭᠦᠷᠯᠡᠬᠦ ᠴᠡᠭ ᠲᠤ ᠲᠠᠷᠬᠠᠭᠠᠨ ᠥᠭᠴᠦ᠂ ᠵᠢᠵᠢᠭᠦᠷᠯᠡᠭᠴᠢ ᠶᠢᠨ | ᠳᠤᠯᠠᠭᠠᠯᠠᠭ᠎ᠠ ᠶᠢ ᠬᠠᠩᠭᠠᠪᠠ᠃ | ︽ᠬᠠᠶᠢᠷᠤᠪ ᠤᠨ ᠲᠣᠬᠤᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠢᠵᠢᠭ ᠤᠨ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠭᠠᠪᠰᠢᠭᠠᠶ ᠠᠩᠭᠢ︾ ᠪᠠᠶᠢᠭᠤᠯᠤᠭᠳᠠᠭᠰᠠᠨ ᠠᠴᠠ ᠨᠠᠰᠢ᠂ ᠴᠡᠷᠢᠭ ᠠᠴᠠ | ᠬᠠᠯᠠᠭᠳᠠᠭᠰᠠᠳ ᠢ ᠣᠯᠠᠨ ᠤᠳᠠᠭ᠎ᠠ ᠵᠣᠬᠢᠶᠠᠨ ᠪᠠᠶᠢᠭᠤᠯᠵᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠵᠥᠭᠡᠭᠡᠪᠦᠷᠢᠯᠡᠬᠦ | ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠴᠡᠷᠢᠭ ᠠᠴᠠ ᠬᠠᠯᠠᠭᠳᠠᠭᠰᠠᠨ ᠴᠤ ᠥᠩᠭᠡ | ᠪᠤᠳᠤᠭ ᠨᠢ ᠪᠠᠭᠤᠷᠠᠬᠤ ᠥᠬᠡᠶ ᠴᠡᠷᠢᠭ ᠤᠨ ᠬᠥᠮᠦᠨ ᠤ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠴᠡᠷᠢᠭ ᠤᠨ | ᠬᠥᠮᠦᠨ ᠤ ᠡᠭᠦᠷᠭᠡ ᠬᠠᠷᠢᠭᠤᠴᠠᠯᠭ᠎ᠠ ᠪᠠ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠡᠶ᠃ | |