ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ | ᠡᠭᠦᠰᠦᠭᠰᠡᠨ ᠤ ᠳᠠᠷᠠᠭ᠎ᠠ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠡᠮᠴᠢ | ᠰᠤᠪᠢᠯᠠᠭᠴᠢᠳ ᠴᠢᠬᠤᠯᠠ ᠺᠠᠷᠲ᠂ ᠨᠢᠰᠬᠡᠯ ᠤᠨ ᠪᠠᠭᠤᠳᠠᠯ ᠵᠡᠷᠭᠡ ᠪᠠᠶᠢᠷᠢᠨ ᠳᠤ 24 ᠴᠠᠭ ᠡᠳᠦᠷ ᠰᠥᠨᠢ ᠥᠬᠡᠶ | ᠰᠠᠬᠢᠨ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠪᠠ᠃ 2 ᠰᠠᠷ᠎ᠠ ᠶᠢᠨ 13 ᠤ ᠡᠳᠦᠷ᠂ | ᠬᠠᠶᠢᠷᠤᠪ ᠤᠨ ᠲᠣᠬᠤᠶ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠣᠯᠠᠨ ᠺᠠᠷᠲ ᠴᠡᠭ ᠲᠤ ᠬᠢᠵᠢᠭ ᠢ | ᠰᠡᠷᠭᠡᠶᠢᠯᠡᠬᠦ ᠬᠢᠲᠠᠳ ᠡᠮ ᠬᠦᠷᠭᠡᠵᠦ᠂ ᠬᠠᠶᠢᠷᠤᠪ ᠤᠨ ᠲᠣᠬᠤᠶ ᠲᠤᠭᠤᠷᠢᠭ ᠲᠤ ᠡᠨᠡ ᠬᠦ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ᠃ | ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠠᠶᠢᠷᠤᠪ ᠤᠨ ᠲᠣᠬᠤᠶ ᠲᠣᠭᠤᠷᠢᠭ ᠤᠨ ᠬᠢᠲᠠᠳ | ᠡᠮᠨᠡᠯᠭᠡ ᠶᠢᠨ ᠬᠤᠷᠢᠶ᠎ᠠ ᠪᠠᠰᠠ ᠪᠡᠭᠡᠵᠢᠩ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠲᠦᠩ ᠰᠢᠶᠤᠤ ᠯᠢᠨ ᠠᠺᠠᠳᠧᠮᠢᠴᠢ ᠶᠢᠨ ᠪᠦᠯᠬᠦᠮ᠂ ᠣᠯᠠᠨ ᠤᠯᠤᠰ ᠤᠨ ᠧᠦ᠋ᠷᠣᠫᠠ ᠠᠽᠢᠶ᠎ᠠ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠯᠢᠦ ᠪᠦᠦ ᠶᠠᠨ ᠤ ᠠᠺᠠᠳᠧᠮᠢᠴᠢ ᠶᠢᠨ ᠪᠦᠯᠬᠦᠮ ᠵᠢᠴᠢ ᠦᠬᠠᠨ ᠤ ᠬᠢᠵᠢᠭ ᠤᠨ ᠪᠠᠶᠢᠳᠠᠯ ᠢ | ᠡᠰᠡᠷᠭᠦᠴᠡᠬᠦ ᠡᠮᠦᠨ᠎ᠡ ᠹᠷᠣᠨᠲ ᠤᠨ ᠲᠤᠰᠬᠠᠶ ᠮᠡᠷᠭᠡᠵᠢᠯᠲᠡᠨ ᠤ ᠪᠦᠯᠬᠦᠮ ᠲᠠᠢ ᠬᠠᠷᠢᠯᠴᠠᠵᠤ᠂ ᠮᠠᠨ ᠤ ᠬᠤᠲᠠ ᠶᠢᠨ | ᠠᠭᠤᠷ ᠠᠮᠢᠰᠬᠤᠯ ᠤᠨ ᠤᠷᠴᠢᠨ ᠲᠣᠭᠤᠷᠢᠨ᠂ ᠭᠡᠷ ᠲᠡᠭᠡᠨ ᠰᠠᠭᠤᠵᠤ ᠲᠤᠰᠠᠭᠠᠷᠯᠠᠭᠰᠠᠨ ᠬᠥᠮᠦᠰ ᠤᠨ ᠪᠡᠶ᠎ᠡ ᠶᠢᠨ | ᠰᠢᠨᠵᠢ ᠲᠡᠮᠳᠡᠭ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠲᠣᠰ ᠬᠤᠲᠠ ᠶᠢᠨ ᠬᠤᠲᠠ ᠶᠢᠨ ᠠᠷᠠᠳ ᠲᠤ | ᠳᠣᠭᠢᠷᠠᠬᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ | ᠰᠡᠷᠭᠡᠶᠢᠯᠡᠬᠦ ᠡᠮ ᠢ ᠶᠡᠷᠦᠩᠬᠡᠶᠢᠯᠡᠨ ᠲᠣᠭᠲᠠᠭᠠᠵᠤ᠂ ᠬᠢᠲᠠᠳ ᠡᠮ ᠡᠮᠨᠡᠯᠭᠡ ᠶᠢᠨ ᠣᠨᠴᠠᠯᠢᠭ ᠳᠠᠪᠠᠭᠤᠯᠢᠭ ᠢ | ᠭᠦᠢᠴᠡᠳ ᠪᠠᠳᠠᠷᠠᠭᠤᠯᠤᠨ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠡᠷᠭᠡᠶᠢᠯᠡᠨ ᠡᠵᠡᠮᠳᠡᠬᠦ ᠳᠤ ᠢᠳᠡᠪᠬᠢᠲᠡᠶ | ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃ |