2 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠡᠷᠡᠯ ᠰᠠᠴᠤᠷᠠᠩᠭᠤᠶ ᠨᠡᠷᠡᠨ ᠤ ᠬᠡᠷᠡᠯ ᠨᠢ | ᠴᠥᠭᠡᠨ ᠪᠤᠰᠣ ︽ᠣᠷᠣᠨ ᠰᠠᠭᠤᠴᠠ︾ ᠶᠢᠨ ᠰᠠᠭᠤᠭᠠᠯᠢ ᠠᠷᠠᠳ ᠢ ᠭᠠᠳᠠᠭᠰᠢ ᠭᠠᠷᠭᠠᠬᠤ ᠰᠠᠨᠠᠭ᠎ᠠ ᠲᠠᠢ ᠪᠣᠯᠭᠠᠪᠠ᠃ | ︽ᠭᠠᠳᠠᠭᠰᠢ ᠭᠠᠷᠬᠤ ᠳᠤ ᠵᠠᠪᠠᠯ ᠠᠮᠠᠪᠴᠢ ᠵᠡᠭᠦᠬᠦ ᠬᠡᠷᠡᠭᠲᠡᠶ᠂ ᠲᠣᠭᠤᠷᠢᠭ ᠲᠤ ᠣᠷᠣᠵᠤ ᠭᠠᠷᠬᠤ ᠳᠤ | ᠳᠠᠩᠰᠠᠯᠠᠭᠤᠯᠬᠤ ᠬᠡᠷᠡᠭᠲᠡᠶ᠂ ᠬᠠᠷᠢᠯᠴᠠᠨ ᠬᠠᠮᠵᠢᠯᠴᠠᠬᠤ ᠨᠢ ᠬᠡᠨ ᠤ ᠲᠥᠯᠥᠭᠡ ᠪᠣᠶ︖ ᠠᠮᠤᠷ ᠲᠦᠪᠰᠢᠨ ᠤ | ᠲᠥᠯᠥᠭᠡ ᠪᠢᠳᠡ ᠥᠪᠡᠷ ᠢᠶᠠᠨ ᠁︾ ᠪᠤᠭᠤᠷᠤᠯᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠭᠡᠰᠢᠭᠦᠳ ᠵᠢᠵᠢᠭ ᠪᠦᠷᠢᠶ᠎ᠡ ᠠᠯᠤᠰᠯᠠᠨ ᠤᠷᠢᠳ ᠬᠤᠵᠢᠳ ᠵᠣᠯ ᠵᠢᠷᠭᠠᠯᠲᠤ ᠬᠤᠶᠢᠲᠤ ᠲᠣᠭᠤᠷᠢᠭ ᠪᠠ ᠳ᠋ᠠ ᠴᠢᠩ | ᠲᠤᠭᠤᠷᠢᠭ ᠤᠨ ᠬᠤᠶᠢᠲᠤ ᠨᠢᠭᠡᠳᠦᠭᠡᠷ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠤᠬᠠᠭᠤᠯᠭ᠎ᠠ ᠬᠢᠵᠦ᠂ ᠲᠡᠳᠡ ᠲᠣᠰᠣᠨ ᠰᠢᠯᠦᠭ ᠤᠩᠰᠢᠵᠤ᠂ ᠥᠪᠡᠷ ᠤᠨ ᠵᠣᠬᠢᠶᠠᠭᠰᠠᠨ ᠪᠢᠴᠢᠬᠠᠨ ᠳᠠᠭᠤᠤ ᠪᠠᠨ | ᠳᠠᠭᠤᠯᠠᠵᠦ᠂ ᠠᠳᠠᠯᠢ ᠪᠤᠰᠤ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠢ ᠢᠳᠬᠠᠵᠤ ᠪᠠᠶᠢᠭᠠᠳ ᠳᠤᠲᠠᠭᠤ ᠭᠠᠳᠠᠭᠰᠢ | ᠭᠠᠷᠭᠠᠵᠠᠢ᠃ | | ᠪᠤᠭᠤᠷᠤᠯᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠸᠠᠩ ᠢ ᠧ ᠬᠡᠯᠡᠭᠰᠡᠨ ᠨᠢ ᠂ | ︽ᠣᠯᠠᠨ ᠢᠶᠠᠷ ᠢᠶᠠᠨ ᠭᠡᠷ ᠲᠡᠭᠡᠨ ᠰᠠᠭᠤᠭᠠᠳ ᠤᠳᠠᠯ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠶᠢᠮᠦ | ᠵᠠᠩᠭᠢᠯᠠᠭ᠎ᠠ ᠶᠢᠨ ᠬᠤᠭᠤᠴᠠᠭᠠᠨ ᠳᠤ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠴᠢᠬᠤᠯᠠ | ᠴᠢᠨᠠᠷ ᠪᠣᠯᠤᠨ ᠲᠤᠬᠠᠶ ᠶᠢᠨ ᠭᠠᠵᠠᠷ ᠤᠨ ᠨᠤᠲᠤᠭ ᠤᠨ ᠠᠶᠠᠯᠭᠤ ᠶᠢ ᠤᠶᠠᠯᠳᠤᠭᠤᠯᠤᠨ ᠨᠢᠭᠡ ᠪᠦᠯᠦᠭ ᠲᠣᠰᠣ ᠨᠡᠮᠡᠬᠦ | ᠰᠢᠯᠦᠭ ᠪᠣᠯᠤᠨ ᠵᠢᠵᠢᠭ ᠠᠶ᠎ᠠ ᠪᠢᠴᠢᠵᠦ᠂ ᠡᠯ᠎ᠡ ᠰᠠᠭᠤᠭᠠᠯᠢ ᠲᠣᠭᠤᠷᠢᠭ ᠲᠤ ᠳᠠᠭᠤᠯᠠᠵᠤ᠂ ᠰᠠᠭᠤᠭᠠᠯᠢ ᠠᠷᠠᠳ | ᠭᠠᠳᠠᠭᠰᠢ ᠭᠠᠷᠬᠤ ᠥᠬᠡᠶ᠂ ᠪᠥᠭᠡᠮᠨᠡᠷᠡᠬᠦ ᠥᠬᠡᠶ ᠪᠠᠶᠢᠬᠤ ᠶᠢ ᠬᠦᠰᠡᠵᠦ ᠪᠠᠶᠢᠨ᠎ᠠ᠂ ᠬᠡᠷᠪᠡ ᠭᠠᠳᠠᠭᠰᠢ ᠭᠠᠷᠪᠠᠯ᠂ | ᠵᠠᠪᠠᠯ ᠠᠮᠠᠪᠴᠢ ᠵᠡᠭᠦᠵᠦ᠂ ᠥᠪᠡᠷ ᠢ ᠪᠠᠨ ᠰᠠᠶᠢᠲᠤᠷ ᠬᠠᠮᠠᠭᠠᠯᠠᠬᠤ ᠬᠡᠷᠡᠭᠲᠡᠶ᠃ ᠣᠯᠠᠨ ᠢᠶᠠᠷ ᠢᠶᠠᠨ ᠵᠠᠰᠠᠭ ᠤᠨ | ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠢᠳᠡᠪᠬᠢᠲᠠᠢ ᠬᠠᠮᠵᠢᠯᠴᠠᠬᠤ ᠶᠢ | ᠰᠠᠨᠠᠭᠠᠴᠢᠯᠠᠵᠤ᠂ ᠥᠪᠡᠷ ᠤᠨ ᠨᠢᠭᠡ ᠬᠤᠪᠢ ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ ᠡᠬᠢᠯᠡᠭᠰᠡᠨ ᠠᠴᠠ | ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠬᠠᠭᠤᠯᠭ᠎ᠠ ᠶᠢᠨ | ᠬᠡᠯᠪᠡᠷᠢ ᠪᠠᠨ ᠪᠠᠶᠠᠯᠢᠭᠵᠢᠭᠤᠯᠵᠤ᠂ ᠬᠢᠵᠢᠭ ᠤᠨ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢ ᠶᠡᠬᠡᠪᠡᠷ ᠴᠢᠩᠭᠠᠳᠬᠠᠵᠤ᠂ | ᠪᠥᠬᠦ ᠲᠤᠭᠤᠷᠢᠭ ᠤᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠭᠴᠢ ᠶᠢᠨ ᠲᠡᠶᠢᠨ ᠤ ︽ᠬᠢᠵᠢᠭ︾ ᠲᠤ | ᠣᠷᠣᠯᠴᠠᠬᠤ ᠶᠢ ᠵᠣᠷᠢᠭᠵᠢᠭᠤᠯᠵᠤ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠢᠵᠢᠭ ᠢ ᠰᠡᠷᠭᠡᠶᠢᠯᠡᠬᠦ ᠮᠡᠳᠡᠯᠭᠡ ᠶᠢ | ᠲᠠᠷᠢᠬᠢᠨ ᠳᠤ ᠬᠠᠳᠠᠩᠰᠢᠭᠤᠯᠪᠠ᠃ | 2020 ᠣᠨ ᠤ 1 ᠰᠠᠷ᠎ᠠ ᠶᠢᠨ 23 ᠤ ᠡᠳᠦᠷ ᠠᠴᠠ ᠡᠬᠢᠯᠡᠨ᠂ ᠤᠬᠠᠭᠤᠯᠭ᠎ᠠ ᠶᠢᠨ ᠬᠠᠮᠤᠷᠬᠤ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠤᠷᠢᠳ ᠬᠤᠵᠢᠳ H5 ᠪᠦᠲᠦᠭᠡᠯ 15᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠬᠤᠷ ᠸᠢᠳᠢᠣ᠋ 6 ᠶᠢ ᠵᠣᠬᠢᠶᠠᠨ ᠭᠠᠷᠭᠠᠵᠤ᠂ ᠲᠥᠬᠦᠮ | ᠣᠶᠢᠯᠠᠭᠠᠮᠵᠢᠲᠠᠶ᠂ ᠠᠮᠢᠳᠤ ᠴᠣᠪᠣᠭᠤᠯᠢᠭ ᠤᠯᠠᠮᠵᠢᠯᠠᠨ ᠲᠠᠷᠬᠠᠭᠠᠬᠤ ᠬᠡᠯᠪᠡᠷᠢ ᠶᠢ ᠠᠰᠢᠭᠯᠠᠨ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠶᠡᠭᠡ ᠪᠠᠷ ᠤᠬᠠᠭᠤᠯᠵᠤ᠂ ᠡᠯ᠎ᠡ ᠰᠠᠯᠠᠭ᠎ᠠ ᠮᠥᠴᠢᠷ ᠢ ᠤᠬᠠᠭᠤᠯᠤᠨ | ᠬᠥᠲᠥᠯᠦᠨ ᠵᠢᠯᠣᠭᠤᠳᠴᠤ ᠪᠠᠶᠢᠭᠠᠳ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠤᠳᠤᠷᠢᠳᠬᠤ ᠳᠤᠭᠤᠶᠢᠯᠠᠩ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠠᠷᠭ᠎ᠠ ᠬᠡᠮᠵᠢᠶ᠎ᠡ ᠶᠢ ᠳᠣᠭᠢᠷᠠᠭᠤᠯᠤᠨ | ᠬᠡᠷᠡᠭᠵᠢᠭᠦᠯᠵᠦ᠂ ᠣᠯᠠᠨ ᠲᠦᠮᠡᠨ ᠤ ᠬᠢᠵᠢᠭ ᠢ ᠰᠡᠷᠭᠡᠶᠢᠯᠡᠬᠦ ᠦᠨᠳᠦᠰᠦᠨ ᠮᠡᠳᠡᠯᠭᠡ ᠶᠢ ᠤᠬᠠᠭᠤᠯᠪᠠ᠃ ᠭᠡᠷ ᠲᠡᠭᠡᠨ | ᠠᠷᠢᠭᠤᠳᠬᠠᠬᠤ ᠵᠥᠪ ᠠᠷᠭ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ | ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠭᠡᠷ ᠠᠴᠠ ᠪᠠᠨ ᠭᠠᠷᠬᠤ ᠦᠭᠡᠶ ᠪᠠᠶᠢᠬᠤ ᠶᠢ ᠢᠳᠡᠪᠬᠢᠲᠡᠶ ᠤᠷᠢᠶᠠᠯᠠᠨ᠂ | ᠥᠷᠭᠡᠨ ᠣᠯᠠᠨ ᠰᠠᠭᠤᠭᠠᠯᠢ ᠠᠷᠠᠳ ᠤᠨ ᠬᠢᠵᠢᠭ ᠰᠡᠷᠭᠡᠶᠢᠯᠡᠬᠦ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠪᠠᠶᠢᠯᠳᠤᠬᠤ ᠶᠠᠷᠢᠶ᠎ᠠ ᠬᠡᠯᠡᠯᠴᠡᠭᠡᠨ ᠤ | ᠣᠷᠴᠢᠨ ᠲᠣᠭᠤᠷᠢᠨ ᠪᠣᠯᠤᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃ | ᠪᠣᠷᠣᠭᠵᠢᠭᠤᠨ ᠰᠠᠶᠢᠬᠠᠨ ᠤᠷᠢᠶ᠎ᠠ ᠯᠣᠽᠦ᠋ᠩ ᠭᠡᠰᠡᠨ ᠥᠬᠡᠶ᠂ ᠣᠯᠠᠨ ᠲᠦᠮᠡᠨ ᠲᠠᠢ ᠣᠶᠢᠷᠠᠲᠤᠭᠰᠠᠨ | ᠪᠦᠲᠦᠭᠡᠯ ᠭᠡᠰᠡᠨ ᠥᠬᠡᠶ ᠴᠥᠮ ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠭᠡᠶᠢᠯᠡᠬᠦ᠂ ᠪᠥᠬᠦ ᠠᠷᠠᠳ ᠢᠶᠠᠷ ᠢᠶᠠᠨ | ᠬᠢᠵᠢᠭ ᠢ ᠰᠡᠷᠭᠡᠶᠢᠯᠡᠬᠦ ᠲᠠᠭᠤᠨ ᠢ ᠳᠠᠮᠵᠢᠭᠤᠯᠵᠠᠶ᠃ ᠡᠨᠡ ᠤᠳᠠᠭᠠᠨ ᠤ ᠲᠡᠶᠢᠨ ᠤ ︽ᠬᠢᠵᠢᠭ︾ ᠤᠨ ᠢᠯᠠᠯᠲᠠ ᠶᠢ | ᠡᠷᠲᠡᠬᠡᠨ ᠤᠯᠬᠤ ᠪᠣᠯ ᠪᠥᠬᠦ ᠬᠥᠮᠦᠰ ᠤᠨ ᠨᠢᠭᠡᠳᠦᠯᠲᠡᠶ ᠬᠠᠷᠠᠯᠲᠠ ᠪᠠ ᠬᠠᠮᠲᠤ ᠶᠢᠨ ᠬᠠᠷᠢᠭᠤᠴᠠᠯᠭ᠎ᠠ ᠮᠥᠨ᠃ ᠡᠭᠡᠯ | ᠠᠷᠠᠳ ᠪᠣᠯᠤᠭᠰᠠᠨ ᠤ ᠬᠤᠪᠢ ᠳᠤ᠂ ᠪᠢᠳᠡ ︽ᠬᠢᠵᠢᠭ︾ ᠤᠨ ᠡᠮᠦᠨ᠎ᠡ ᠹᠷᠣᠨᠲ ᠲᠤ ᠭᠠᠪᠰᠢᠭᠠᠶᠢᠯᠠᠵᠤ ᠳᠡᠶᠢᠯᠬᠦ | ᠴᠢᠳᠠᠪᠤᠷᠢ ᠦᠭᠡᠢ ᠪᠠᠶᠢᠵᠤ ᠮᠡᠳᠡᠨ᠎ᠡ᠂ ᠭᠡᠪᠡᠴᠦ ᠪᠢᠳᠡ ᠡᠨᠡ ᠤᠳᠠᠭᠠᠨ ᠤ ︽ᠬᠢᠵᠢᠭ︾ ᠢ ᠬᠠᠮᠤᠭ ᠤᠨ ᠶᠡᠭᠡ | ᠳᠡᠮᠵᠢᠯᠴᠡᠭᠡ ᠦᠵᠡᠭᠦᠯᠵᠦ ᠪᠣᠯᠤᠨ᠎ᠠ᠃ ᠬᠢᠵᠢᠭ ᠰᠡᠷᠭᠡᠶᠢᠯᠡᠬᠦ ᠤᠬᠠᠭᠤᠯᠭ᠎ᠠ ᠶᠢ ᠰᠣᠨᠣᠰᠴᠤ᠂ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠣᠰᠣᠭᠠᠷ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃ ᠬᠠᠶᠢᠷᠤᠪ ᠤᠨ ᠲᠣᠬᠤᠢ ᠶᠢᠨ | ᠲᠤᠭᠤᠷᠢᠭ ᠲᠤ ᠵᠥᠪᠬᠡᠨ ᠪᠢᠳᠡ ᠪᠠᠶᠢᠬᠤ ᠦᠭᠡᠢ᠂ ᠪᠢᠳᠡ ᠪᠦᠯᠬᠦᠮᠳᠡᠨ ᠨᠢᠭᠡᠳᠴᠦ᠂ ᠣᠯᠠᠨ ᠢᠶᠠᠷ ᠢᠶᠠᠨ ᠬᠦᠴᠦ ᠪᠠᠨ | ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠶ᠎ᠡ᠃ |