ᠴᠡᠭᠡᠯ ᠠᠭᠤᠯᠠ ᠪᠠᠯᠭᠠᠰᠤᠨ ᠤ ᠠᠵᠢᠯᠴᠢᠨ ᠤ ᠡᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠬᠥᠮᠦᠰ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2020-02-26
       2 ᠰᠠᠷ᠎ᠠ ᠶᠢᠨ 24 ᠤ ᠡᠳᠦᠷ ᠤᠨ ᠦᠳᠡ ᠬᠤᠶᠢᠨ᠎ᠠ᠂ ᠴᠡᠭᠡᠯ ᠠᠭᠤᠯᠠ ᠪᠠᠯᠭᠠᠰᠤᠨ ᠤ ᠠᠵᠢᠯᠴᠢᠨ ᠤ ᠡᠪᠯᠡᠯ ᠤᠨ ᠠᠵᠢᠯᠳᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠵᠢᠯᠲᠠᠨ 145 ᠬᠥᠮᠦᠨ ᠳᠤ 2 .9 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠲᠠᠷᠬᠠᠭᠠᠵᠤ᠂ ᠥᠨᠳᠡᠭᠡ᠂ ᠢᠳᠡᠰᠢᠨ ᠨᠣᠭᠤᠭ᠎ᠠ 1.4 ᠲᠦᠮᠡᠨ ᠲᠥᠭᠦᠷᠢᠭ ᠣᠷᠴᠢᠮ ᠬᠤᠳᠠᠯᠳᠤᠨ ᠠᠪᠴᠤ᠂ ᠠᠵᠢᠯᠲᠠᠳ ᠠᠵᠢᠯᠴᠢᠨ ᠤ ᠡᠪᠯᠡᠯ ᠤᠨ ᠬᠠᠯᠠᠭᠤᠨ ᠳᠤᠯᠠᠭᠠᠨ ᠢ ᠮᠡᠳᠡᠷᠡᠵᠦ᠂ ᠨᠠᠩ ᠢᠯᠡᠭᠦᠤ ᠴᠢᠷᠮᠠᠶᠢᠨ ᠲᠡᠮᠡᠴᠡᠵᠦ ᠠᠵᠢᠯᠲᠠᠨ ᠠᠵᠢᠯᠴᠢᠨ ᠲᠦᠮᠡᠨ ᠤ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠪᠣᠯᠤᠨ᠎ᠠ ᠭᠡᠵᠦ ᠢᠯᠡᠳᠬᠡᠪᠡ᠃       ︽ᠳᠠᠶᠢᠨ ᠤ ᠬᠢᠵᠢᠭ︾ ᠬᠦᠨᠳᠦ ᠬᠡᠴᠡᠭᠦᠤ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠥᠷᠭᠡᠨ ᠣᠯᠠᠨ ᠬᠥᠮᠦᠰ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠳᠤ ᠵᠣᠭᠰᠣᠵᠤ᠂ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠬᠤᠰᠢᠭᠤᠴᠢ ᠪᠣᠯᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃ ᠲᠡᠳᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠬᠢᠵᠢᠭ ᠤᠨ ᠪᠠᠶᠢᠳᠠᠯ ᠢ ᠵᠠᠷᠯᠢᠭ ᠪᠣᠯᠭᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠮᠥᠷᠥᠨ ᠳᠡᠭᠡᠨ ᠪᠠᠲᠤ ᠡᠭᠦᠷᠭᠡᠯᠡᠵᠦ᠂ ᠠᠮᠢᠳᠦᠷᠠᠯ ᠤᠨ ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠭᠰᠠᠨ ᠪᠠᠶᠢᠨ᠎ᠠ᠃        ᠴᠡᠭᠡᠯ ᠠᠭᠤᠯᠠ ᠪᠠᠯᠭᠠᠰᠤᠨ ᠤ ᠠᠵᠢᠯᠴᠢᠨ ᠤ ᠡᠪᠯᠡᠯ ᠤᠨ ᠤᠳᠤᠷᠢᠳᠤᠯᠭ᠎ᠠ ᠢᠯᠡᠷᠬᠡᠶᠢᠯᠡᠬᠦ ᠳᠡᠭᠡᠨ᠂ ᠳᠠᠷᠠᠭᠠᠴᠢ ᠶᠢᠨ ᠠᠵᠢᠯ ᠤᠨ ᠳᠤᠮᠳᠠ᠂ ᠨᠢᠭᠡᠳᠦᠭᠡᠷ  ᠹᠷᠣᠨᠲ ᠤᠨ ᠠᠵᠢᠯᠲᠠᠨ ᠢ ᠤᠯᠠᠮ ᠨᠢᠭᠡ ᠠᠯᠬᠤᠮ ᠬᠠᠯᠠᠮᠵᠢᠯᠠᠨ ᠬᠠᠶᠢᠷᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠲᠡᠶᠢᠨ ᠳᠤ ᠢᠯᠠᠯᠲᠠ ᠤᠯᠬᠤ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠶ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ  ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号