ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠭᠤᠤᠯ ᠤᠳᠤᠷᠢᠳᠤᠯᠭ᠎ᠠ‌ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-10
     3 ᠰᠠᠷ᠎ᠠ ᠶᠢᠨ 9᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ᠃
     ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠤᠳᠤᠷᠢᠳᠬᠤ ᠬᠥᠮᠦᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠢᠷᠡᠵᠦ᠂ ᠵᠠᠰᠠᠭ ᠤᠨ ᠶᠠᠪᠤᠳᠠᠯ ᠤᠨ ᠲᠥᠪ ᠤᠨ ᠰᠠᠭᠤᠷᠢ ᠲᠥᠬᠦᠭᠡᠷᠦᠮᠵᠢ᠂ ᠠᠵᠢᠯᠲᠠᠨ‌‍ᠤᠨ ᠲᠤᠬᠢᠷᠠᠭᠤᠯᠤᠯᠳᠠ᠂ ᠠᠵᠢᠯ ᠶᠠᠪᠤᠳᠠᠯ ᠰᠢᠢᠳᠪᠦᠷᠢᠯᠡᠬᠦ ᠶᠠᠪᠤᠴᠠ᠂ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠵᠢᠴᠢ ᠦᠢᠯᠡᠴᠢᠯᠡᠭᠡᠨ ᠤ ᠪᠠᠶᠢᠳᠠᠯ ᠢ ᠨᠠᠷᠢᠨ ᠪᠠᠶᠢᠴᠠᠭᠠᠨ ᠦᠵᠡᠪᠡ᠃
     ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠬᠠᠶᠢᠷᠤᠪ ᠤᠨ ᠲᠣᠬᠤᠶ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠤᠬᠠᠭᠤᠯᠵᠤ ᠢᠯᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤᠨᠢ ᠠᠯᠪᠠᠨ ᠵᠠᠷ ᠢᠶᠠᠨ ᠰᠢᠨᠡᠳᠬᠡᠬᠦ ᠬᠡᠷᠡᠭᠲᠡᠶ︔ ᠪᠠᠭᠤᠯᠭᠠᠬᠤ ᠬᠠᠮᠢᠶᠠᠷᠬᠤ ᠤᠶᠢᠯᠡᠴᠢᠯᠡᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠢᠴᠠᠤᠡᠬᠡᠬᠦ ᠴᠤᠪᠤᠷᠠᠯ ᠢ ᠳᠥᠭᠦᠮᠴᠢᠯᠡᠵᠦ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠴᠢᠩᠭᠠᠷᠠᠭᠤᠯᠤᠨ᠂ ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠢᠯᠯᠠᠬᠤ ᠨᠥᠬᠦᠴᠡᠯ ᠢ ᠰᠠᠶᠢᠵᠢᠷᠠᠭᠤᠯᠵᠤ᠂ ᠠᠵᠢᠯᠳᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠠᠵᠢᠯᠳᠠᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠰᠢᠰᠲ᠋ᠧᠮ ᠤᠨ ᠬᠡᠷᠡᠭᠯᠡᠯᠲᠡ ᠶᠢ ᠴᠢᠩᠭᠠᠤᠡᠬᠠᠵᠤ᠂ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ ᠬᠠᠮᠢᠶᠠᠷᠤᠯᠲᠠ ᠶᠢᠨ ᠰᠢᠰᠲ᠋ᠧᠮ ᠪᠠ ᠨᠢᠭᠡᠳᠦᠯᠲᠡᠶ ᠬᠦᠯᠢᠶᠡᠨ ᠠᠪᠴᠤ ᠰᠢᠢᠤᠡᠪᠤᠷᠢᠯᠡᠬᠦ᠂ ᠰᠠᠯᠭᠠᠨ ᠰᠢᠢᠤᠡᠪᠤᠷᠢᠯᠡᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠦᠯᠵᠢᠶ᠎ᠡ ᠪᠠᠷ ᠬᠦᠯᠢᠶᠡᠨ ᠠᠪᠴᠤ ᠰᠢᠢᠤᠡᠪᠤᠷᠢᠯᠡᠬᠦ ᠶᠢ ᠴᠢᠩᠭᠠᠳᠬᠠᠵᠤ᠂ ᠬᠡᠷᠡᠭ ᠢ ᠰᠢᠢᠤᠡᠪᠤᠷᠢᠯᠡᠬᠦ ᠠᠬᠢᠴᠠ ᠶᠢ ᠢᠯᠡ ᠲᠣᠳᠣ ᠪᠣᠯᠭᠠᠬᠤ ᠶᠢ ᠲᠦᠯᠬᠢᠨ ᠠᠬᠢᠭᠤᠯᠵᠤ᠂ ᠠᠵᠢᠯ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠬᠦ᠂ ᠤᠯᠠᠨ ᠲᠦᠮᠡᠨ ᠳᠤ ᠳᠦᠭᠦᠮ ᠦᠵᠡᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠢᠵᠢᠭ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠯᠠᠪᠤᠷ ᠢ ᠠᠷᠢᠭᠤᠳᠬᠠᠨ ᠠᠷᠢᠭᠤᠨ ᠴᠡᠪᠡᠷ ᠪᠠᠶᠢᠯᠭᠠᠬᠤ ᠠᠵᠢᠯ ᠢ ᠰᠠᠶᠢᠲᠤᠷ ᠬᠢᠵᠦ᠂ ᠠᠵᠢᠯ ᠶᠠᠪᠤᠳᠠᠯ ᠡᠷᠬᠢᠯᠡᠬᠦ ᠣᠯᠠᠨ ᠲᠦᠮᠡᠨ ᠤ ᠠᠮᠢ ᠨᠠᠰᠤ ᠡᠷᠡᠭᠦᠯ ᠴᠢᠭᠢᠷᠠᠭ ᠠᠮᠤᠷ ᠲᠦᠪᠰᠢᠨ ᠢ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号