ᠴᠡᠭᠡᠯ ᠠᠭᠤᠯᠠ ᠪᠠᠯᠭᠠᠰᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2020-03-12
     ︽︿ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠴᠡᠭᠡᠯ  ᠠᠭᠤᠯᠠ  ᠪᠠᠯᠭᠠᠰᠤ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠪᠠ ᠠᠵᠢᠯᠲᠠᠨ ᠤ ᠣᠷᠣᠨ ᠲᠤᠭ᠎ᠠ ᠶᠢᠨ ᠲᠤᠭᠲᠠᠭᠠᠯᠲᠠ﹀᠎ ᠢ ᠳᠠᠷᠤᠮᠠᠯᠯᠠᠨ ᠶᠠᠪᠤᠭᠤᠯᠬᠤ ᠲᠤᠬᠠᠶ ᠲᠤᠭᠤᠷᠢᠭ ᠎ ᠤᠨ ᠨᠠᠮ ᠤᠨ ᠬᠤᠷᠢᠶᠠᠨ ᠤ ᠠᠯᠪᠠᠨ ᠬᠡᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠶᠣᠰᠣᠭᠠᠷ᠂ ᠴᠡᠭᠡᠯ ᠠᠭᠤᠯᠠ ᠪᠠᠯᠭᠠᠰᠤ ᠨᠢ ᠪᠠᠯᠭᠠᠰᠤᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠪᠠᠶᠢᠭᠤᠯᠤᠮᠵᠢ ᠵᠢᠨ‌ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠡᠭᠡᠯ ᠠᠭᠤᠯᠠ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠵᠤ᠂ ᠴᠡᠭᠡᠯ ᠠᠭᠤᠯᠠ ᠪᠠᠯᠭᠠᠰᠤ ᠶᠢᠨ ᠬᠠᠷᠢᠶ᠎ᠠ ᠨᠢ ᠳᠡᠳ᠋ ᠰᠠᠯᠠᠭᠠᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠤᠶᠢᠯᠡᠰ ᠤᠨ ᠨᠢᠭᠡᠴᠢ ᠲᠠᠢ ᠲᠡᠩᠴᠡᠪᠡ᠃      ᠴᠡᠭᠡᠯ ᠠᠭᠤᠯᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠ ᠨᠠᠷᠢᠯᠢᠭᠵᠢᠭᠤᠯᠬᠤ ᠶᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 5᠎ ᠤ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ ᠬᠠᠤᠯᠢ ᠲᠦᠷᠢᠮ ᠤᠨ ᠠᠯᠪᠠᠨ ᠬᠡᠷ ᠴᠡᠭᠡᠯ  ᠠᠭᠤᠯᠠ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠡᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ ᠥᠭᠴᠦ᠂ ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠴᠡᠭᠡᠯ ᠠᠭᠤᠯᠠ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠡᠶᠢᠲᠡ 12 ᠪᠦᠷᠢᠯᠳᠦᠬᠦᠨ ᠪᠣᠯᠪᠠᠰᠤᠷᠠᠯ ᠳᠤ ᠣᠷᠣᠯᠴᠠᠵᠤ᠂ ᠲᠤᠭᠤᠷᠢᠭ ᠤᠨ ᠬᠠᠤᠯᠢ ᠲᠦᠷᠢᠮ ᠤᠨ ᠠᠯᠪᠠᠨ ᠬᠡᠷ ᠤᠨ ᠠᠵᠢᠯᠲᠠᠨ ᠪᠤᠲᠠᠲᠠᠢ ᠪᠠᠶᠢᠳᠠᠯ ᠳᠤ ᠣᠶᠢᠷᠠᠳᠴᠤ᠂ ᠳᠤᠲᠠᠭᠤᠳᠠᠯ ᠢ ᠣᠨᠣᠭᠠᠵᠤ᠂ ᠬᠠᠤᠯᠢ ᠬᠡᠷᠡᠭᠵᠢᠭᠦᠯᠬᠦ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠰᠠᠭᠤᠷᠢ ᠶᠢ ᠪᠠᠬᠢᠵᠢᠭᠦᠯᠵᠦ᠂ ᠬᠠᠤᠯᠢ ᠬᠡᠷᠡᠭᠵᠢᠭᠦᠯᠬᠦ ᠵᠢᠷᠤᠮᠵᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠢᠳᠡᠪᠬᠢᠲᠡᠶ ᠤᠶᠢᠯᠡᠳᠤᠯ ᠦᠵᠡᠭᠦᠯᠪᠡ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠭᠤᠯᠤᠨ᠂ ᠣᠨᠣᠯ ᠤᠨ ᠮᠡᠳᠡᠯᠭᠡ ᠬᠢᠭᠡᠳ ᠪᠣᠳᠠᠲᠤ ᠬᠡᠷᠡᠭ ᠤᠨ ᠵᠢᠱᠢᠶ᠎ᠡ ᠶᠢ ᠤᠶᠠᠯᠳᠤᠭᠤᠯᠵᠤ᠂ ᠰᠤᠷᠤᠯᠴᠠᠬᠤ ᠳᠤ ᠬᠡᠷᠡᠭᠯᠡᠬᠦ ᠶᠢ ᠦᠨᠡᠨᠬᠦ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠢ ᠦᠨᠡᠨᠬᠦ ᠨᠡᠮᠡᠭᠳᠡᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠣᠶᠢᠯᠠᠭᠠᠯᠲᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠠᠵᠢᠯ ᠤᠨ ᠰᠠᠭᠤᠷᠢ ᠶᠢ ᠪᠠᠬᠢᠵᠢᠭᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号