︽ᠭᠡᠷ ᠰᠤᠷᠭᠠᠭᠤᠯᠢ ᠬᠠᠮᠲᠤ ᠪᠠᠷ ᠪᠤᠶᠢᠵᠢᠭᠤᠯᠬᠤ ᠭᠠᠵᠠᠷ︾᠎ ᠨᠢ ᠭᠡᠷ ᠤᠨ ᠠᠬᠠᠮᠠᠳ ᠲᠠᠢ ᠬᠠᠮᠲᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠨ᠎ᠡ
ᠨᠡᠶᠢᠲᠡᠯᠡᠭᠰᠡᠨ ᠴᠠᠭ᠄
2020-03-13
     ᠬᠢᠵᠢᠭ ᠤᠨ ᠪᠠᠶᠢᠳᠠᠯ ᠲᠣᠬᠢᠶᠠᠯᠳᠤᠪᠠᠯ ᠠᠮᠠᠷᠠᠯᠲᠠ ᠶᠢᠨ ᠬᠤᠭᠤᠴᠠᠭ᠎ᠠ ᠶᠢ ᠤᠷᠲᠤᠳᠬᠠᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠬᠡᠷ ᠰᠤᠷᠭᠠᠭᠤᠯᠢ ᠬᠠᠮᠲᠤ ᠪᠠᠷ ᠪᠤᠶᠢᠵᠢᠭᠤᠯᠬᠤ ᠭᠠᠵᠠᠷ︾᠎ ᠨᠢ ᠬᠡᠷ ᠪᠦᠯᠢ ᠶᠢᠨ ᠰᠤᠷᠭᠠᠨ ᠬᠥᠮᠦᠵᠢᠯ ᠳᠤ ᠬᠦᠴᠦᠨ ᠨᠡᠮᠡᠷᠢᠯᠡᠵᠦ᠂ ᠡᠴᠢᠭᠡ ᠡᠬᠡ ᠦᠷ᠎ᠡ ᠬᠡᠤᠬᠡᠳ ᠤᠨ ᠬᠠᠷᠢᠴᠠᠭ᠎ᠠ ᠶᠢ ᠨᠡᠮᠡᠭᠳᠡᠭᠦᠯᠬᠦ ᠶᠢᠨ ᠲᠥᠯᠥᠭᠡ᠂︽ᠰᠦᠯᠵᠢᠶᠡᠨ ᠳᠡᠭᠡᠷ᠎ᠡ ᠵᠢᠯᠤᠭᠤᠣᠡᠴᠤ  ᠬᠤᠪᠢᠶᠠᠯᠴᠠᠬᠤ+ ᠬᠡᠷ ᠤᠨ ᠠᠬᠠᠮᠠᠳ ᠤᠨ ᠢᠳᠡᠪᠬᠢᠲᠡᠶ ᠰᠢᠮᠳᠠᠭᠤᠯᠬᠤ︾ ᠰᠤᠷᠤᠯᠴᠠᠬᠤ ᠵᠠᠭᠪᠤᠷ ᠢᠶᠠᠷ᠂ ᠬᠡᠷ ᠤᠨ ᠠᠬᠠᠮᠠᠳ ᠲᠤ ᠤᠯᠤᠰ ᠪᠠ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠣᠷᠣᠭᠴᠢ ᠪᠠ ᠬᠡᠷ ᠤᠨ ᠠᠬᠠᠮᠠᠳ ᠤᠨ ᠬᠢᠵᠢᠭ ᠤᠨ ᠪᠠᠶᠢᠳᠠᠯ ᠠᠴᠠ  ᠪᠣᠯᠤᠭᠰᠠᠨ ᠵᠣᠪᠠᠨᠢᠬᠤ ᠰᠡᠳᠬᠢᠯᠭᠡ ᠶᠢ ᠰᠢᠯᠤᠭᠤᠳᠬᠠᠨ᠎ᠠ᠃      ᠠᠮᠠᠷᠠᠯᠲᠠ ᠶᠢᠨ ᠬᠤᠭᠤᠴᠠᠭᠠᠨ ᠠᠴᠠ ᠨᠠᠰᠢ᠂ ᠭᠡᠷ ᠤᠨ ᠠᠬᠠᠮᠠᠳ ᠪᠣᠯᠤᠨ ᠰᠤᠷᠭᠠᠭᠤᠯᠢ ᠶᠢᠨ ᠬᠠᠮᠲᠤ ᠶᠢᠨ ᠤᠶᠢᠯᠡᠤᠡᠪᠤᠷᠢᠯᠡᠯ ᠤᠨ ᠭᠠᠵᠠᠷ᠂ ᠸᠢᠴᠠᠲ ᠤᠨ ᠬᠤᠯᠪᠣᠭ᠎ᠠ ᠳᠤ ᠲᠦᠰᠢᠭᠯᠡᠨ ᠭᠡᠷ ᠤᠨ ᠠᠬᠠᠮᠠᠳ ᠳᠠᠭᠠᠨ ᠣᠨᠴᠠᠭᠠᠶ ᠴᠠᠭ ᠦᠶ᠎ᠡ ᠶᠢ ᠬᠦᠷᠭᠡᠵᠡᠶ᠃ ᠣᠨᠴᠠᠭᠠᠶ ᠬᠡᠷ ᠤᠨ ᠰᠤᠷᠭᠠᠯ — ︽ᠬᠢᠵᠢᠭ︾᠎ ᠢᠶᠠᠷ ᠰᠤᠷᠤᠯᠴᠠᠵᠤ ᠡᠬᠢᠯᠡᠭᠰᠡᠨ ᠨᠢ︾ ︽ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠥᠷᠭᠡᠨ ᠣᠯᠠᠨ ᠬᠤᠲᠠ ᠶᠢᠨ ᠠᠷᠠᠳ ᠲᠤ ᠥᠭᠭᠦᠭᠰᠡᠨ ᠵᠠᠬᠢᠳᠠᠯ︾᠂ ︽ᠪᠣᠶ ᠪᠥᠬᠦᠶ ᠰᠤᠷᠭᠠᠨ ᠬᠥᠮᠦᠵᠢᠯ ᠤᠨ ᠠᠵᠢᠯᠲᠠᠨ ᠪᠠ ᠬᠡᠷ ᠤᠨ ᠠᠬᠠᠮᠠᠳ ᠲᠤ ᠪᠢᠴᠢᠭᠰᠡᠨ ᠵᠠᠬᠢᠳᠠᠯ︾᠂ ︽ᠬᠤᠷᠢᠭ᠎ᠠ ᠬᠤᠷᠢᠭ᠎ᠠ ᠥᠬᠡᠶ ᠬᠤᠲᠠ ᠪᠣᠯ ᠰᠠᠯᠵᠤ ᠪᠣᠯᠤᠰᠢ ᠥᠬᠡᠶ ᠬᠠᠶᠢᠷ᠎ᠠ︾᠂ ︽ᠶᠡᠭᠡ ᠤᠯᠤᠰ ᠤᠨ ᠬᠡᠪ ᠨᠠᠮᠪᠠ ᠯᠠ ᠪᠣᠶ᠃ ᠡᠨᠡ ᠪᠣᠯ ᠳᠠᠷᠤᠶ ᠳᠤᠮᠳᠠᠳᠤ ᠤᠯᠤᠰ ᠤᠨ ᠵᠣᠷᠢᠭ ᠰᠠᠨᠠᠭ᠎ᠠ ᠮᠥᠨ᠂ᠵᠡᠷᠭᠡ ᠠᠷᠪᠠ ᠭᠠᠷᠤᠶ ᠵᠣᠬᠢᠶᠠᠯ ᠪᠠᠶᠢᠵᠤ᠂ ᠤᠯᠠᠮᠵᠢᠯᠠᠨ ᠲᠠᠷᠬᠠᠭᠠᠬᠤ ᠬᠡᠪᠴᠢᠶ᠎ᠡ ᠨᠢ ᠪᠥᠬᠦ ᠣᠷᠣᠨ ᠤ 47 ᠰᠤᠷᠭᠠᠭᠤᠯᠢ ᠶᠢ ᠬᠠᠮᠤᠷᠴᠤ᠂ ᠭᠤᠷᠪᠠᠨ ᠲᠦᠮᠡ ᠭᠠᠷᠤᠶ ᠤᠳᠠᠭ᠎ᠠ ᠲᠣᠭᠤᠷᠢᠨ ᠦᠵᠡᠪᠡ᠃      ︽ᠬᠡᠷ ᠤᠨ ᠠᠬᠠᠮᠠᠳ ᠪᠣᠯᠤᠨ ᠰᠤᠷᠭᠠᠭᠤᠯᠢ ᠬᠠᠮᠲᠤ ᠪᠠᠷ ᠬᠥᠮᠦᠵᠢᠭᠦᠯᠬᠦ ᠭᠠᠵᠠᠷ︾᠎ ᠨᠢ ᠬᠡᠷ ᠤᠨ ᠠᠬᠠᠮᠠᠳ ᠢ‌ᠵᠢᠯᠤᠭᠤᠳᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠡᠷᠬᠢᠨ ᠬᠡᠤᠬᠡᠳ ᠤᠨ ᠰᠠᠶᠢᠨ ᠰᠠᠶᠢᠬᠠᠨ ᠳᠠᠳᠬᠠᠯ ᠢ ᠬᠦᠮᠦᠵᠢᠭᠦᠯᠬᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠡᠷᠬᠢᠨ ᠡᠴᠢᠭᠡ ᠡᠬᠡ ᠨᠢ ᠬᠠᠮᠲᠤ ᠪᠠᠷ ᠦᠰᠦᠨ ᠪᠤᠶᠢᠵᠢᠬᠤ ᠵᠢ‌ᠵᠢᠯᠤᠭᠤᠳᠤᠨ᠂ ᠲᠣᠰ ᠤᠳᠠᠭᠠᠨ ᠤ ᠬᠢᠵᠢᠭ ᠤᠨ ᠪᠠᠶᠢᠳᠠᠯ ᠨᠢ ᠮᠠᠰᠢ ᠣᠯᠠᠨ ᠬᠡᠷ ᠪᠦᠯᠢ ᠳᠤ ᠤᠴᠠᠷᠠᠭᠤᠯᠤᠭᠰᠠᠨ ᠬᠡᠯᠪᠡᠷᠢᠯ ᠤᠨ ᠰᠡᠳᠬᠢᠴᠡ ᠳᠤ ᠵᠠᠳᠠᠯᠤᠯᠲᠠ ᠬᠢᠵᠦ᠂ ᠬᠡᠷ ᠤᠨ ᠠᠬᠠᠮᠠᠳ ᠢ ᠬᠠᠪᠰᠤᠷᠤᠨ ᠠᠰᠢᠭ ᠥᠬᠡᠶ ᠶᠢ ᠨᠢ ᠠᠰᠢᠭᠲᠠᠶ ᠪᠣᠯᠭᠠᠨ ᠬᠤᠪᠢᠷᠠᠭᠤᠯᠵᠤ᠂ ᠬᠡᠤᠬᠡᠳ ᠲᠠᠢ ᠪᠠᠨ ᠬᠠᠮᠲᠤ ᠨᠣᠮ ᠪᠢᠴᠢᠭ ᠤᠩᠰᠢᠵᠤ ᠰᠤᠷᠤᠯᠴᠠᠨ᠂ ᠬᠡᠤᠬᠡᠳ ᠢ ᠵᠢᠯᠣᠭᠤᠳᠤᠨ ᠴᠢᠳᠠᠯ ᠤᠨ ᠢᠶᠠᠨ ᠬᠢᠷᠢ ᠪᠠᠷ ᠬᠡᠷ ᠪᠦᠯᠢ ᠶᠢᠨ ᠠᠵᠢᠯ ᠳᠤ ᠣᠷᠣᠯᠴᠠᠭᠤᠯᠵᠤ᠂ ᠥᠪᠡᠷ ᠢ ᠪᠠᠨ ᠠᠷᠭᠠᠴᠠᠬᠤ ᠪᠠ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠴᠢᠩᠭᠠᠳᠬᠠᠵᠤ᠂ ᠬᠠᠷᠢᠯᠴᠠᠨ ᠣᠶᠢᠯᠠᠭᠠᠯᠴᠠᠵᠤ᠂ ᠡᠶ᠎ᠡ ᠵᠣᠬᠢᠴᠠᠯ ᠲᠠᠢ ᠬᠡᠷ ᠪᠦᠯᠢ ᠶᠢᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ᠃      ᠰᠦᠯᠵᠢᠶᠡᠨ ᠳᠡᠭᠡᠷᠡᠬᠢ ᠰᠤᠷᠤᠯᠴᠠᠯᠭ᠎ᠠ ᠳᠠᠭᠤᠰᠤᠭᠰᠠᠨ ᠤ ᠳᠠᠷᠠᠭ᠎ᠠ᠂ ᠬᠡᠷ ᠤᠨ ᠠᠬᠠᠮᠠᠳ ᠬᠤᠶᠢᠨ᠎ᠠ ᠬᠤᠶᠢᠨ᠎ᠠ ᠎ ᠠᠴᠠ ᠪᠠᠨ ᠪᠢᠷ ᠪᠠᠷᠢᠵᠤ᠂ ᠲᠡᠳᠡᠨ ᠤ ᠰᠡᠷᠭᠡᠶᠢᠯᠡᠨ ᠬᠠᠮᠠᠭᠠᠯᠠᠬᠤ ᠥᠯᠢᠭᠡᠷ ᠪᠠ ᠣᠯᠤᠯᠲᠠ ᠲᠥᠷᠥᠭᠳᠡᠯ ᠢᠶᠠᠨ ᠬᠤᠪᠢᠶᠠᠯᠴᠠᠨ᠂ ︽ᠬᠡᠷ ᠪᠦᠯᠢ ᠰᠤᠷᠭᠠᠭᠤᠯᠢ ᠶᠢᠨ ᠬᠠᠮᠲᠤ ᠪᠠᠷ ᠬᠥᠮᠦᠵᠢᠭᠦᠯᠬᠦ ᠭᠠᠵᠠᠷ︾᠎ ᠨᠢ ᠬᠡᠷ ᠤᠨ ᠠᠬᠠᠮᠠᠳ ᠤᠨ 140 ᠭᠠᠷᠤᠢ  ᠲᠥᠷᠥᠭᠳᠡᠯ ᠢ ᠣᠯᠵᠠᠶ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号