ᠬᠤᠲᠠ ᠲᠤᠭᠤᠷᠢᠭ ᠬᠤᠯᠪᠣᠭᠠᠯᠠᠨ ᠬᠥᠳᠡᠯᠦᠯᠴᠡᠬᠦ ᠪᠠᠷ ᠭᠤᠤᠯᠳᠠᠯᠭ᠎ᠠ ᠪᠤᠯᠠᠭᠠᠨ  ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠳᠤ ᠬᠦᠴᠤᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020-03-19
     ᠬᠠᠶᠢᠷᠤᠪ ᠤᠨ ᠲᠣᠬᠤᠢ ᠶᠢᠨ ᠲᠣᠭᠤᠷᠢᠭ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠶᠠᠪᠤᠴᠠ ᠳᠤᠮᠳᠠ᠂ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ᠤᠶᠢᠯᠡᠴᠢᠯᠡᠭᠡᠨ ᠤ ᠲᠥᠪ ᠤᠨ ᠪᠦᠬᠦ ᠶᠠᠪᠤᠴᠠ ᠳᠤ ᠬᠠᠪᠰᠤᠷᠤᠨ ᠡᠷᠬᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ‌‍ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠨ‌‍ᠲ᠋ᠣᠪᠴᠢᠶ᠎ᠠ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠨᠢ ᠬᠤᠣᠰ ᠭᠤᠣᠯ ᠬᠠᠷᠢᠭᠤᠴᠠᠯᠭ᠎ᠠ ᠶᠢᠨ ᠦᠢᠯᠡᠳᠦᠯ ᠢ ᠢᠯᠡᠷᠡᠭᠦᠯᠵᠦ᠂ ᠬᠤᠲᠠ ᠶᠢᠨ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠪᠠ ᠰᠢᠰᠲ᠋ᠧᠮ ᠤᠨ ᠮᠡᠷᠭᠡᠵᠢᠯ ᠤᠨ ᠠᠵᠢᠯᠲᠠᠨ ᠢ ᠤᠷᠢᠵᠤ ᠬᠠᠶᠢᠷᠤᠪ ᠤᠨ ᠲᠣᠬᠤᠢ ᠶᠢᠨ ᠲᠣᠭᠤᠷᠢᠭ ᠲᠤ ᠢᠷᠡᠭᠦᠯᠦᠨ ᠨᠢᠭᠤᠷᠳᠠᠨ ᠵᠢᠯᠣᠭᠤᠳᠴᠤ᠂ ᠪᠣᠯᠪᠠᠰᠤᠷᠠᠭᠤᠯᠵᠤ᠂ ︽ᠬᠢᠨᠠᠨ ᠵᠥᠪᠰᠢᠶᠡᠷᠡᠬᠦ ᠰᠠᠷ᠎ᠠ︾᠎ ᠶᠢᠨ ᠲᠥᠷᠦᠯ ᠵᠦᠢᠯ ᠢ ᠡᠷᠲᠡᠬᠡᠨ ᠨᠠᠶᠢᠳᠠᠪᠤᠷᠢᠯᠢᠭᠤᠯᠵᠤ᠂ ᠡᠷᠲᠡᠬᠡᠨ ᠠᠵᠢᠯ ᠡᠬᠢᠯᠡᠭᠦᠯᠬᠦ ᠳᠤ ᠬᠦᠴᠦᠨ ᠨᠡᠮᠡᠷᠢᠯᠡᠨ᠎ᠡ᠃
     3 ᠰᠠᠷ᠎ᠠ ᠶᠢᠨ 17᠎ ᠤ ᠡᠳᠦᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠬᠤᠲᠠ ᠶᠢᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠬᠠᠶᠢᠷᠤᠪ ᠤᠨ ᠲᠣᠬᠤᠶ ᠲᠣᠭᠤᠷᠢᠭ ᠲᠤ ᠬᠦᠷᠴᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠣᠯᠭ᠎ᠠ ᠪᠣᠯᠪᠠᠰᠤᠷᠠᠭᠤᠯᠤᠯ ᠬᠢᠪᠠ᠃ᠲᠤᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠮᠢ‌ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠤᠳ ᠬᠤᠲᠠ ᠶᠢᠨ ᠱᠠᠲᠤᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠳᠣᠤᠷ᠎ᠠ᠂ 2020 ᠣᠨ ᠤ ᠭᠤᠤᠯᠳᠠᠯᠭ᠎ᠠ ᠲᠠᠢ ᠲᠥᠷᠥᠯ ᠵᠤᠶᠢᠯ ᠳᠤ ᠬᠠᠮᠳᠤ  ᠪᠠᠷ ︽ᠰᠤᠳᠠᠯ ᠪᠠᠷᠢᠵᠤ︾ ᠥᠭᠭᠦᠨ᠎ᠡ᠃       ᠵᠢᠯᠣᠭᠤᠳᠤᠨ ᠪᠣᠯᠪᠠᠰᠤᠷᠠᠭᠤᠯᠬᠤ ᠬᠤᠷᠠᠯ ᠳᠡᠭᠡᠷ᠎ᠡ᠂ ᠬᠤᠲᠠ ᠶᠢᠨ ᠰᠢᠰᠲ᠋ᠧᠮ ‍ᠤᠨ‌ᠢᠨᠵᠧᠨᠧᠷᠢᠩ‌ᠠᠵᠤ ᠤᠶᠢᠯᠡᠤᠡᠪᠤᠷᠢ ᠶᠢᠨ ᠥᠭᠡᠷᠡᠴᠢᠯᠡᠯᠲᠡ ᠶᠢᠨ ᠰᠢᠰᠲ᠋ᠧᠮ ᠤᠨ ᠴᠢᠳᠠᠮᠵᠢ᠂ ᠠᠵᠢᠯᠯᠠᠭ᠎ᠠ ᠵᠢᠴᠢ ᠤᠶᠢᠯᠡᠳᠤᠯ ᠢ ᠨᠠᠷᠢᠨ ᠲᠠᠶᠢᠯᠪᠤᠷᠢᠯᠠᠪᠠ᠂ ᠡᠭᠦᠨ ᠳᠤ ᠡᠯ᠎ᠡ ᠭᠤᠭᠴᠤᠭ᠎ᠠ ᠶᠢᠨ ᠬᠢᠨᠠᠨ ᠵᠥᠪᠰᠢᠶᠡᠷᠡᠬᠦ ᠳᠤ ᠠᠩᠬᠠᠷᠬᠤ ᠵᠤᠶᠢᠯ ᠵᠢᠴᠢ ᠬᠢᠨᠠᠨ ᠵᠥᠪᠰᠢᠶᠡᠷᠡᠬᠦ ᠴᠤᠪᠤᠷᠠᠯ ᠢ ᠨᠠᠷᠢᠨ ᠲᠠᠶᠢᠯᠪᠤᠷᠢᠯᠠᠪᠠ᠃ ᠬᠤᠲᠠ ᠶᠢᠨ ᠲᠣᠭᠤᠷᠢᠭ ᠤᠨ ᠡᠯ᠎ᠡ ᠲᠤᠬᠠᠶᠢᠯᠠᠭᠰᠠᠨ ᠠᠵᠢᠯ ᠤᠨ ᠨᠢᠭᠡᠴᠡ ᠨᠢ ᠭᠤᠤᠯᠳᠠᠯᠭ᠎ᠠ ᠲᠠᠢ ᠲᠥᠷᠥᠯ ᠵᠤᠶᠢᠯ ᠢ‌‍ᠲ᠋ᠦ᠋ᠷᠤᠯ ᠬᠤᠪᠢᠶᠠᠨ ᠬᠢᠨᠠᠨ ᠬᠠᠷᠭᠤᠭᠤᠯᠵᠤ᠂ ᠪᠣᠳᠠᠲᠠᠶ ᠰᠦᠯᠵᠢᠶᠡᠨ ᠭᠠᠳᠠᠨᠠᠬᠢ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠰᠦᠯᠵᠢᠶᠡᠨ ᠳᠡᠭᠡᠷᠡᠬᠢ ᠰᠢᠰᠲ᠋ᠧᠮ ᠤᠨ ᠠᠵᠢᠯᠯᠠᠭᠠᠨ ᠵᠡᠷᠭᠡ ᠪᠣᠳᠠᠲᠠᠶ ᠵᠤᠶᠢᠯᠡᠰ ᠢ ᠶᠠᠷᠢᠯᠴᠠᠵᠤ᠂ ︽ᠶᠠᠷᠤᠩᠬᠡᠶᠢᠯᠡᠭᠰᠡᠨ ᠴᠣᠩᠬᠤᠪᠴᠢ ᠵᠠᠯᠭᠠᠬᠤ︾᠂ ︽ᠲᠦᠷᠦᠭᠦᠯᠡᠨ ᠬᠢᠬᠦ ᠨᠢᠭᠡᠴᠡ ᠲᠦᠯᠬᠢᠬᠦ︾᠂ ︽ᠭᠤᠤᠯ ᠪᠠ ᠲᠤᠰᠠᠯᠠᠬᠤ ᠠᠵᠢᠯ ᠢ ᠵᠡᠷᠭᠡ ᠪᠠᠷ ᠬᠤᠯᠪᠣᠭᠳᠠᠭᠤᠯᠬᠤ︾ ᠬᠢᠨᠠᠨ ᠵᠥᠪᠰᠢᠶᠡᠷᠡᠬᠦ ᠵᠠᠭᠪᠤᠷ ᠢ ᠰᠢᠯᠢᠳᠡᠭᠵᠢᠭᠦᠯᠦᠨ ᠳᠥᠭᠦᠮᠴᠢᠯᠡᠨ᠂ ᠲᠥᠷᠥᠯ ᠵᠤᠶᠢᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠲᠥᠷᠥᠯ ᠵᠤᠶᠢᠯ  ᠢ ᠨᠠᠶᠢᠳᠠᠪᠤᠷᠢᠯᠢᠭᠤᠯᠵᠤ᠂ ᠲᠥᠷᠥᠯ ᠵᠤᠶᠢᠯ ᠤᠨ ᠠᠵᠢᠯ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号