ᠬᠠᠶᠢᠷᠤᠪ ᠤᠨ ᠲᠣᠬᠤᠢ ᠲᠣᠭᠤᠷᠢᠭ ᠤᠨ 6 ᠭᠤᠤᠯᠳᠠᠯᠭ᠎ᠠ ᠲᠠᠢ ᠤᠶᠢᠯᠡᠴᠢᠯᠡᠭᠡᠨ ᠤ ᠤᠶᠢᠯᠡᠰ ᠤᠨ ᠲᠥᠷᠥᠯ ᠵᠤᠶᠢᠯ ᠢ ᠲᠦᠪᠯᠡᠷᠡᠭᠦᠯᠦᠨ ᠠᠵᠢᠯ ᠡᠬᠢᠯᠡᠭᠦᠯᠪᠡ
ᠨᠡᠶᠢᠲᠡᠯᠡᠭᠰᠡᠨ ᠴᠠᠭ᠄
2020-03-23
     3 ᠰᠠᠷ᠎ᠠ ᠶᠢᠨ 18᠎ ᠤ ᠡᠳᠦᠷ᠂ ᠶᠡᠷᠦᠩᠬᠡᠶ ᠪᠠᠯᠠ ᠣᠷᠣᠭᠤᠯᠤᠯᠲᠠ ᠨᠢ 17.8 ᠳ᠋ᠦᠩᠰᠢᠭᠤᠷ ᠲᠥᠭᠦᠷᠢᠭ ᠲᠤ ᠬᠦᠷᠦᠭᠰᠡᠨ ᠮᠧᠩ ᠰᠢ ᠶᠠᠠᠩ ᠭᠤᠸᠠᠩ ᠯᠢ ᠱᠧ B ᠲᠣᠭᠤᠷᠢᠭ ᠤᠨ ᠨᠢᠭᠡᠳᠦᠭᠡᠷ ᠬᠤᠭᠤᠴᠠᠭ᠎ᠠ᠂ ᠶᠢᠨ ᠲᠢᠶᠠᠨ ᠬᠤᠶᠠᠳᠤᠭᠠᠷ ᠬᠤᠲᠠ᠂ ᠢᠩᠬᠤᠸᠠ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ᠂ ᠨᠢᠭᠡᠳᠦᠭᠡᠷ ᠪᠠᠷᠠᠭᠠᠨ ᠤ ᠭᠦᠢᠯᠭᠡᠭᠡᠨ ‍ᠦ‌ᠤᠶᠤᠨᠲᠤ ᠵᠠᠰᠠᠮᠠᠯ ᠵᠠᠮ ᠤᠨ ᠭᠠᠷᠠᠮ᠂ ᡁᠢ ᠾᠧ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠲᠠᠪᠤᠳᠤᠭᠠᠷ ᠪᠠᠭ᠎ᠠ ᠰᠤᠷᠭᠠᠭᠤᠯᠢ ᠶᠢᠨ ᠰᠣᠶᠣᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠠᠰᠠᠷ ᠵᠡᠷᠭᠡ 6 ᠲᠥᠷᠥᠯ ᠵᠤᠶᠢᠯ ᠢ ᠲᠥᠪᠯᠡᠷᠡᠭᠦᠯᠦᠨ ᠡᠬᠢᠯᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ᠂ ᠬᠤᠲᠠ ᠶᠢᠨ ᠳᠡᠳ᠋ ᠳᠠᠷᠤᠭ᠎ᠠ ᠯᠢᠶᠠᠩ ᠱᠤ᠋ ᠫᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠢᠩ ᠢ ᠠᠵᠢᠯ ᠡᠬᠢᠯᠡᠬᠦ ᠶᠣᠰᠣᠯᠠᠯ ᠳᠤ ᠣᠷᠣᠯᠴᠠᠵᠤ ᠳᠣᠤᠵᠠ ᠬᠠᠶᠢᠴᠢᠯᠠᠪᠠ᠃ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠲᠠᠩ ᠢ ᠬᠠᠶᠢᠷᠤᠪ ᠤᠨ ᠲᠣᠬᠤᠢ ᠲᠣᠭᠤᠷᠢᠭ ᠤᠨ 2020 ᠣᠨ ᠤ ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ ᠤᠶᠢᠯᠡᠴᠢᠯᠡᠭᠡᠨ ᠤ ᠤᠶᠢᠯᠡᠰ ᠤᠨ ᠲᠥᠷᠥᠯ ᠵᠤᠶᠢᠯ ᠢ ᠲᠥᠪᠯᠡᠷᠡᠭᠦᠯᠦᠨ ᠡᠬᠢᠯᠡᠭᠦᠯᠦᠨ᠎ᠡ ᠭᠡᠵᠦ ᠨᠡᠶᠢᠲᠡᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ‍ᠤᠨ‌ᠬᠤᠷᠢᠶᠠᠨ ᠤ ᠱᠦᠵᠢ ᠵᠢᠶᠠ ᠴᠢᠩ ᠳ᠋ᠦᠩ ᠪᠠᠶᠠᠷ ᠤᠨ ᠦᠭᠡ ᠬᠡᠯᠡᠪᠡ᠃ ᠮᠧᠩ ᠰᠢ ᠺᠣᠮᠫᠠᠨᠢ ᠪᠣᠯᠤᠨ ᠦᠬᠠᠢ ᠬᠤᠲᠠ ᠶᠢᠨ ᠢᠩᠬᠤᠸᠠ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃
     ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ︽ᠲᠠᠪᠤᠨ ᠣᠷᠣᠨ︾᠎ ᠢ ᠨᠠᠷᠢᠨ ᠬᠢᠨᠠᠮᠠᠭᠠᠶ ᠲᠤᠣᠱᠯᠠᠭᠤᠯᠤᠨ ᠨᠠᠶᠢᠳᠠᠪᠤᠷᠢᠵᠢᠭᠤᠯᠬᠤ  ᠬᠥᠭᠵᠢᠯᠲᠡ ᠶᠢᠨ ᠰᠡᠳᠬᠢᠴᠡ ᠶᠢ ᠪᠤᠢ ᠪᠣᠯᠭᠠᠵᠤ᠂ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠢᠮᠠᠭᠲᠠ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠶᠢᠨ ᠴᠢᠬᠤᠯᠠ ᠲᠤᠯᠭᠠᠭᠤᠷᠢ ᠪᠣᠯᠭᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠵᠤ᠂ ᠰᠡᠳᠬᠢᠯ ᠰᠠᠨᠠᠭ᠎ᠠ ᠪᠠᠨ ᠲᠦᠪᠯᠡᠷᠡᠭᠦᠯᠦᠨ ᠪᠦᠲᠦᠭᠡᠨ ᠪᠠᠶᠢᠭᠤᠯᠤᠯᠲᠠ ᠬᠢᠵᠦ᠂ ᠲᠥᠷᠥᠯ ᠵᠤᠶᠢᠯ ᠣᠷᠣᠭᠤᠯᠵᠤ ᠢᠷᠡᠬᠦ᠂ ᠤᠶᠢᠯᠡᠴᠢᠯᠡᠬᠦ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠵᠤ  ᠤᠶᠢᠯᠡᠤᠡᠪᠤᠷᠢᠯᠡᠯ ᠢᠶᠠᠨ ᠰᠡᠷᠭᠦᠭᠡᠬᠦ ᠡᠯ᠎ᠡ ᠵᠤᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠴᠢᠬᠤᠯᠠ ᠶᠡᠭᠡ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠳᠤ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠪᠠ᠃ ᠲᠣᠰ ᠤᠳᠠᠭ᠎ᠠ ᠠᠵᠢᠯ ᠡᠬᠢᠯᠡᠭᠦᠯᠦᠭᠰᠡᠨ 6 ᠲᠥᠷᠥᠯ ᠵᠤᠶᠢᠯ ᠳᠤ ᠲᠥᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠲᠥᠪᠬᠢᠨᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠤᠯᠠᠨ ᠬᠦᠷᠢᠶ᠎ᠡ ᠴᠠᠷᠠᠭ᠎ᠠ ᠶᠢ ᠬᠠᠮᠤᠷᠴᠤ᠂ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠠᠮᠢᠳᠤᠷᠠᠯ ᠨᠡᠶᠢᠭᠡᠮ ᠤᠨ ᠤᠶᠢᠯᠡᠰ ᠤᠨ ᠬᠥᠭᠵᠢᠯᠲᠡ ᠳᠤ ᠢᠳᠡᠪᠬᠢᠲᠡᠶ ᠠᠯᠤᠰ ᠬᠡᠲᠦ ᠶᠢᠨ ᠨᠥᠯᠥᠭᠡ ᠦᠵᠡᠭᠦᠯᠪᠡ᠃      ᠣᠶᠢᠯᠠᠭᠠᠭᠰᠠᠨ ᠢᠶᠠᠷ᠂ ᠡᠨᠡ ᠵᠢᠯ ᠤᠨ ᠬᠠᠶᠢᠷᠤᠪ ᠤᠨ ᠲᠣᠬᠤᠢ ᠶᠢᠨ ᠲᠣᠭᠤᠷᠢᠭ ᠲᠤ 71 ᠭᠤᠤᠯᠳᠠᠯᠭ᠎ᠠ ᠲᠠᠢ ᠲᠥᠷᠥᠯ ᠵᠤᠶᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ482.6 ᠳ᠋ᠦᠩᠰᠢᠭᠤᠷ ᠲᠥᠭᠦᠷᠢᠭ ᠲᠤ ᠬᠦᠷᠴᠡᠶ᠃ ᠣᠳᠣᠬᠠᠨ ᠳᠤ ᠨᠢᠭᠡᠨᠲᠡ 8 ᠠᠵᠢᠯ ᠰᠡᠷᠭᠦᠭᠡᠬᠦ ᠲᠥᠷᠥᠯ ᠵᠤᠶᠢᠯ ᠢ ᠡᠬᠢᠯᠡᠭᠦᠯᠵᠦ᠂ ᠵᠢᠱᠢᠯᠲᠡ ᠪᠠᠷ 4 ᠳ᠋ᠦᠭᠡᠷ ᠰᠠᠷ᠎ᠠ  ᠶᠢᠨ ᠰᠡᠭᠦᠯᠴᠢ ᠠᠴᠠ ᠡᠮᠦᠨ᠎ᠡ 48 ᠠᠵᠢᠯ ᠰᠡᠷᠭᠦᠭᠡᠬᠦ ᠲᠥᠷᠥᠯ ᠵᠤᠶᠢᠯ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ79%᠎ ᠳᠤ ᠬᠦᠷᠴᠡᠶ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号