3 ᠰᠠᠷ᠎ᠠ ᠶᠢᠨ 18 ᠤ ᠡᠳᠦᠷ᠂ ᠶᠡᠷᠦᠩᠬᠡᠶ ᠪᠠᠯᠠ ᠣᠷᠣᠭᠤᠯᠤᠯᠲᠠ ᠨᠢ 17.8 ᠳ᠋ᠦᠩᠰᠢᠭᠤᠷ ᠲᠥᠭᠦᠷᠢᠭ ᠲᠤ | ᠬᠦᠷᠦᠭᠰᠡᠨ ᠮᠧᠩ ᠰᠢ ᠶᠠᠠᠩ ᠭᠤᠸᠠᠩ ᠯᠢ ᠱᠧ B ᠲᠣᠭᠤᠷᠢᠭ ᠤᠨ ᠨᠢᠭᠡᠳᠦᠭᠡᠷ ᠬᠤᠭᠤᠴᠠᠭ᠎ᠠ᠂ ᠶᠢᠨ ᠲᠢᠶᠠᠨ | ᠬᠤᠶᠠᠳᠤᠭᠠᠷ ᠬᠤᠲᠠ᠂ ᠢᠩᠬᠤᠸᠠ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ᠂ ᠨᠢᠭᠡᠳᠦᠭᠡᠷ ᠪᠠᠷᠠᠭᠠᠨ ᠤ | ᠭᠦᠢᠯᠭᠡᠭᠡᠨ ᠦᠤᠶᠤᠨᠲᠤ ᠵᠠᠰᠠᠮᠠᠯ ᠵᠠᠮ ᠤᠨ ᠭᠠᠷᠠᠮ᠂ ᡁᠢ ᠾᠧ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ | ᠵᠠᠬ᠎ᠠ ᠳᠡᠯᠭᠡᠭᠦᠷ ᠵᠢᠴᠢ ᠲᠠᠪᠤᠳᠤᠭᠠᠷ ᠪᠠᠭ᠎ᠠ ᠰᠤᠷᠭᠠᠭᠤᠯᠢ ᠶᠢᠨ ᠰᠣᠶᠣᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ | ᠠᠰᠠᠷ ᠵᠡᠷᠭᠡ 6 ᠲᠥᠷᠥᠯ ᠵᠤᠶᠢᠯ ᠢ ᠲᠥᠪᠯᠡᠷᠡᠭᠦᠯᠦᠨ ᠡᠬᠢᠯᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ᠂ | ᠬᠤᠲᠠ ᠶᠢᠨ ᠳᠡᠳ᠋ ᠳᠠᠷᠤᠭ᠎ᠠ ᠯᠢᠶᠠᠩ ᠱᠤ᠋ ᠫᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠳ᠋ᠢᠩ ᠢ ᠠᠵᠢᠯ ᠡᠬᠢᠯᠡᠬᠦ ᠶᠣᠰᠣᠯᠠᠯ ᠳᠤ ᠣᠷᠣᠯᠴᠠᠵᠤ ᠳᠣᠤᠵᠠ ᠬᠠᠶᠢᠴᠢᠯᠠᠪᠠ᠃ ᠶᠣᠰᠣᠯᠠᠯ ᠳᠡᠭᠡᠷ᠎ᠡ᠂ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠲᠠᠩ ᠢ ᠬᠠᠶᠢᠷᠤᠪ ᠤᠨ | ᠲᠣᠬᠤᠢ ᠲᠣᠭᠤᠷᠢᠭ ᠤᠨ 2020 ᠣᠨ ᠤ ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ ᠤᠶᠢᠯᠡᠴᠢᠯᠡᠭᠡᠨ ᠤ | ᠤᠶᠢᠯᠡᠰ ᠤᠨ ᠲᠥᠷᠥᠯ ᠵᠤᠶᠢᠯ ᠢ ᠲᠥᠪᠯᠡᠷᠡᠭᠦᠯᠦᠨ ᠡᠬᠢᠯᠡᠭᠦᠯᠦᠨ᠎ᠡ ᠭᠡᠵᠦ ᠨᠡᠶᠢᠲᠡᠯᠡᠪᠡ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨᠬᠤᠷᠢᠶᠠᠨ ᠤ ᠱᠦᠵᠢ ᠵᠢᠶᠠ | ᠴᠢᠩ ᠳ᠋ᠦᠩ ᠪᠠᠶᠠᠷ ᠤᠨ ᠦᠭᠡ ᠬᠡᠯᠡᠪᠡ᠃ ᠮᠧᠩ ᠰᠢ ᠺᠣᠮᠫᠠᠨᠢ ᠪᠣᠯᠤᠨ ᠦᠬᠠᠢ ᠬᠤᠲᠠ ᠶᠢᠨ ᠢᠩᠬᠤᠸᠠ | ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ | ᠦᠭᠡ ᠬᠡᠯᠡᠪᠡ᠃ | | | ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ︽ᠲᠠᠪᠤᠨ ᠣᠷᠣᠨ︾ ᠢ ᠨᠠᠷᠢᠨ ᠬᠢᠨᠠᠮᠠᠭᠠᠶ | ᠲᠤᠣᠱᠯᠠᠭᠤᠯᠤᠨ ᠨᠠᠶᠢᠳᠠᠪᠤᠷᠢᠵᠢᠭᠤᠯᠬᠤ ᠬᠥᠭᠵᠢᠯᠲᠡ ᠶᠢᠨ ᠰᠡᠳᠬᠢᠴᠡ ᠶᠢ ᠪᠤᠢ ᠪᠣᠯᠭᠠᠵᠤ᠂ ᠲᠥᠷᠥᠯ ᠵᠤᠶᠢᠯ ᠤᠨ | ᠪᠦᠲᠦᠭᠡᠨ ᠪᠠᠶᠢᠭᠤᠯᠤᠯᠲᠠ ᠶᠢ ᠢᠮᠠᠭᠲᠠ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠶᠢᠨ ᠴᠢᠬᠤᠯᠠ | ᠲᠤᠯᠭᠠᠭᠤᠷᠢ ᠪᠣᠯᠭᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠵᠤ᠂ ᠰᠡᠳᠬᠢᠯ ᠰᠠᠨᠠᠭ᠎ᠠ ᠪᠠᠨ | ᠲᠦᠪᠯᠡᠷᠡᠭᠦᠯᠦᠨ ᠪᠦᠲᠦᠭᠡᠨ ᠪᠠᠶᠢᠭᠤᠯᠤᠯᠲᠠ ᠬᠢᠵᠦ᠂ ᠲᠥᠷᠥᠯ ᠵᠤᠶᠢᠯ ᠣᠷᠣᠭᠤᠯᠵᠤ ᠢᠷᠡᠬᠦ᠂ ᠤᠶᠢᠯᠡᠴᠢᠯᠡᠬᠦ ᠶᠢ | ᠴᠥᠬᠦᠷᠡᠰᠢ ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ | ᠰᠡᠷᠭᠦᠵᠤ ᠤᠶᠢᠯᠡᠤᠡᠪᠤᠷᠢᠯᠡᠯ ᠢᠶᠠᠨ ᠰᠡᠷᠭᠦᠭᠡᠬᠦ ᠡᠯ᠎ᠡ ᠵᠤᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ | ᠴᠢᠬᠤᠯᠠ ᠶᠡᠭᠡ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠳᠤ ᠲᠠᠰᠤᠷᠠᠯᠲᠠ ᠦᠭᠡᠢ ᠰᠢᠨ᠎ᠡ ᠠᠬᠢᠴᠠ ᠲᠠᠢ | ᠪᠣᠯᠬᠤ ᠶᠢ ᠠᠬᠢᠭᠤᠯᠪᠠ᠃ ᠲᠣᠰ ᠤᠳᠠᠭ᠎ᠠ ᠠᠵᠢᠯ ᠡᠬᠢᠯᠡᠭᠦᠯᠦᠭᠰᠡᠨ 6 ᠲᠥᠷᠥᠯ ᠵᠤᠶᠢᠯ ᠳᠤ ᠲᠥᠬᠦᠮ ᠪᠦᠳᠦᠴᠡᠳᠦ | ᠣᠷᠣᠨ ᠰᠠᠭᠤᠴᠠ ᠶᠢ ᠥᠭᠡᠷᠡᠴᠢᠯᠡᠨ ᠲᠥᠪᠬᠢᠨᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ | ᠡᠷᠡᠭᠦᠯ ᠬᠠᠮᠠᠭᠠᠯᠠᠯ ᠵᠡᠷᠭᠡ ᠤᠯᠠᠨ ᠬᠦᠷᠢᠶ᠎ᠡ ᠴᠠᠷᠠᠭ᠎ᠠ ᠶᠢ ᠬᠠᠮᠤᠷᠴᠤ᠂ ᠬᠠᠶᠢᠷᠤᠪ ᠤᠨ ᠲᠣᠬᠤᠶ ᠲᠣᠭᠤᠷᠢᠭ ᠤᠨ | ᠠᠷᠠᠳ ᠤᠨ ᠠᠮᠢᠳᠤᠷᠠᠯ ᠨᠡᠶᠢᠭᠡᠮ ᠤᠨ ᠤᠶᠢᠯᠡᠰ ᠤᠨ ᠬᠥᠭᠵᠢᠯᠲᠡ ᠳᠤ ᠢᠳᠡᠪᠬᠢᠲᠡᠶ ᠠᠯᠤᠰ ᠬᠡᠲᠦ ᠶᠢᠨ ᠨᠥᠯᠥᠭᠡ | ᠦᠵᠡᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠤᠨ ᠬᠠᠶᠢᠷᠤᠪ ᠤᠨ ᠲᠣᠬᠤᠢ ᠶᠢᠨ ᠲᠣᠭᠤᠷᠢᠭ ᠲᠤ 71 ᠭᠤᠤᠯᠳᠠᠯᠭ᠎ᠠ ᠲᠠᠢ | ᠲᠥᠷᠥᠯ ᠵᠤᠶᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ482. | 6 ᠳ᠋ᠦᠩᠰᠢᠭᠤᠷ ᠲᠥᠭᠦᠷᠢᠭ ᠲᠤ ᠬᠦᠷᠴᠡᠶ᠃ ᠣᠳᠣᠬᠠᠨ ᠳᠤ ᠨᠢᠭᠡᠨᠲᠡ 8 ᠠᠵᠢᠯ ᠰᠡᠷᠭᠦᠭᠡᠬᠦ ᠲᠥᠷᠥᠯ ᠵᠤᠶᠢᠯ ᠢ | ᠡᠬᠢᠯᠡᠭᠦᠯᠵᠦ᠂ ᠵᠢᠱᠢᠯᠲᠡ ᠪᠠᠷ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ 48 ᠠᠵᠢᠯ ᠰᠡᠷᠭᠦᠭᠡᠬᠦ ᠲᠥᠷᠥᠯ | ᠵᠤᠶᠢᠯ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ79% ᠳᠤ ᠬᠦᠷᠴᠡᠶ᠃ | |