ᠬᠠᠶᠢᠷᠤᠪ ᠤᠨ ᠲᠣᠬᠤᠢ ᠲᠣᠭᠤᠷᠢᠭ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠦᠷᠢᠴᠢᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-24
     3 ᠳ᠋ᠤᠭᠠᠷ ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠰᠬᠠᠶ ᠰᠡᠳᠦᠪᠲᠦ ᠶᠠᠷᠢᠯᠴᠠᠬᠤ ᠬᠤᠷᠠᠯ ᠪᠣᠯᠤᠨ ᠦᠬᠠᠶ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 5 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠲᠠᠯ᠎ᠠ ᠪᠠᠷ ᠲᠣᠳᠣᠷᠬᠠᠶ ᠬᠥᠮᠦᠨ ᠪᠣᠯᠬᠤ ᠬᠡᠷᠡᠭᠲᠡᠶ᠂ ᠡᠯ᠎ᠡ ᠰᠠᠯᠠᠭ᠎ᠠ ᠮᠥᠴᠢᠷ ᠨᠢ‌‍ᠶᠡᠷᠦᠩᠬᠡᠶ ᠱᠦᠵᠢ ᠰᠢ ᠶᠢᠨ ᠫᠢᠩ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠤᠬᠠᠶ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ︾᠎ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠰᠠᠭᠤᠳᠠᠯ ᠢ ᠦᠨᠡᠨ ᠬᠦ ᠡᠷᠢᠵᠦ ᠭᠠᠷᠭᠠᠵᠤ᠂ ᠲᠣᠳᠣᠷᠬᠠᠶ ᠪᠣᠯᠭᠠᠵᠤ᠂ ᠲᠤᠰᠬᠠᠶ ᠴᠡᠭᠴᠡᠯᠡᠨ ᠵᠠᠰᠠᠬᠤ ᠱᠠᠲᠤ ᠦᠶᠡᠴᠢ ᠴᠢᠨᠠᠷᠲᠠᠶ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠬᠠᠷᠠᠯᠲᠠ ᠪᠠᠨ ᠲᠣᠳᠣᠷᠬᠠᠶᠢᠯᠠᠵᠤ᠂ ᠭᠤᠤᠯᠳᠠᠯᠭ᠎ᠠ ᠶᠢ ᠠᠳᠬᠤᠵᠤ᠂ ᠬᠡᠯᠪᠠᠶᠢᠭᠦᠤ ᠵᠠᠮ ᠢᠶᠠᠷ ᠶᠠᠪᠤᠬᠤ ᠥᠬᠡᠶ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠲᠤ ᠵᠢᠭᠠᠵᠤ ᠭᠠᠷᠭᠠᠭᠰᠠᠨ ᠲᠣᠭᠲᠠᠭᠠᠯ ᠢ ᠵᠥᠷᠢᠴᠡᠨ ᠨᠡᠭᠦᠷᠡᠰᠦᠨ ᠤ ᠡᠬᠢ ᠪᠠᠶᠠᠯᠢᠭ ᠢ ᠣᠯᠵᠤ᠂ ᠨᠡᠭᠦᠷᠡᠰᠦᠨ ᠤ ᠡᠬᠢ ᠪᠠᠶᠠᠯᠢᠭ ᠢ ᠰᠠᠷᠢᠭᠠᠯᠠᠵᠤ᠂ ᠲᠣᠭᠲᠠᠭᠠᠯ ᠢ ᠵᠥᠷᠢᠴᠡᠨ ᠬᠠᠤᠯᠢ ᠶᠢ ᠵᠥᠷᠢᠴᠡᠨ ᠨᠡᠭᠦᠷᠡᠰᠦᠨ ᠤ ᠡᠬᠢ ᠪᠠᠶᠠᠯᠢᠭ ᠢ ᠳᠣᠭᠢᠷᠠᠭᠤᠯᠵᠤ᠂ ᠨᠡᠭᠦᠷᠡᠰᠦ ᠳᠤ ᠬᠤᠯᠪᠣᠭᠳᠠᠭᠰᠠᠨ ᠢᠯᠵᠠᠷᠠᠯ ᠤᠨ ᠤᠯᠤᠰ ᠲᠥᠷᠥ ᠶᠢᠨ ᠠᠮᠢ ᠠᠬᠤᠶ ᠶᠢ ᠬᠦᠨᠳᠦ ᠨᠣᠴᠢᠲᠠᠶ ᠪᠣᠬᠢᠷᠲᠤᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠠᠰᠠᠭᠤᠳᠠᠯ ᠢ ᠳᠡᠯᠭᠡᠷᠡᠭᠦᠯᠬᠦ ᠵᠡᠷᠭᠡ 4 ᠠᠰᠠᠭᠤᠳᠠᠯ ᠲᠠᠢ ᠨᠢᠭᠲᠠ ᠤᠶᠠᠯᠳᠤᠭᠤᠯᠤᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠢᠵᠢᠭ ᠢ ᠨᠢ ᠠᠳᠬᠤᠵᠤ ᠶᠡᠬᠡᠳᠬᠡᠬᠦ ᠶᠢ ᠬᠤᠷᠢᠭᠯᠠᠨ ᠵᠣᠭᠰᠣᠭᠠᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ︔ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠯᠪᠠᠨ ᠬᠡᠷ ᠵᠢᠴᠢ ᠡᠯ᠎ᠡ ᠲᠤᠰᠬᠠᠶ ᠳᠤᠭᠤᠶᠢᠯᠠᠩ ᠤᠨ ᠬᠢᠨ ᠵᠢᠭᠰᠠᠭᠠᠨ ᠪᠠᠶᠢᠴᠠᠭᠠᠬᠤ ᠱᠠᠲᠤᠨ ᠤ ᠡᠭᠦᠷᠭᠡ ᠶᠢ ᠴᠢᠩᠭ᠎ᠠ ᠵᠢᠷᠤᠮᠯᠠᠨ ᠶᠡᠭᠡ ᠰᠢᠭᠰᠢᠨ ᠪᠠᠶᠢᠴᠠᠭᠠᠯᠲᠠ ᠶᠢ ᠥᠷᠨᠢᠭᠦᠯᠵᠦ᠂ ᠨᠢᠭᠡ‌ᠠᠰᠠᠭᠤᠳᠠᠯ ᠢ ᠴᠥᠮ ᠣᠷᠬᠢᠭᠳᠠᠭᠤᠯᠵᠤ ᠪᠣᠯᠬᠤ ᠥᠬᠡᠶ᠂ ᠶᠡᠷᠦᠩᠬᠡᠶᠢᠯᠡᠨ ᠵᠤᠬᠢᠴᠠᠭᠤᠯᠬᠤ ᠳᠤᠭᠤᠶᠢᠯᠠᠩ ᠤᠨ ᠬᠢᠨ ᠲᠣᠬᠢᠷᠠᠭᠤᠯᠤᠯᠲᠠ ᠪᠠᠨ ᠴᠢᠩᠭᠠᠳᠬᠠᠵᠤ᠂ ᠬᠤᠯᠪᠣᠭᠳᠠᠯ ᠪᠥᠬᠦᠶ ᠪᠠᠶᠢᠳᠠᠯ ᠢ ᠬᠤᠷᠢᠶᠠᠩᠭᠤᠶᠢᠯᠠᠨ᠂ ᠠᠵᠢᠯ ᠤᠨ ᠰᠠᠨᠠᠯ ᠰᠠᠨᠠᠭᠤᠯᠭ᠎ᠠ ᠳᠤᠷᠠᠳᠴᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠤᠷᠤᠭᠰᠢᠲᠠᠶ ᠥᠷᠨᠢᠬᠦ ᠶᠢ ᠠᠬᠢᠭᠤᠯᠬᠤ ᠬᠡᠷᠡᠭᠲᠡᠶ︔ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠡᠯ᠎ᠡ ᠱᠠᠲᠤᠨ ᠤ ᠤᠳᠤᠷᠢᠳᠬᠤ ᠺᠠᠳᠠᠷᠴᠣᠣᠡ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠨᠠᠮ ᠤᠨ ᠭᠡᠰᠢᠭᠦᠨ ᠺᠠᠳ᠋ᠷ ᠤᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠰᠢᠯᠠᠨ ᠰᠢᠯᠭᠠᠬᠤ ᠴᠢᠬᠤᠯᠠ ᠦᠢᠯᠡᠳᠦᠯᠭᠡ ᠪᠣᠯᠭᠠᠵᠤ᠂ ᠲᠤᠰᠬᠠᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠲᠦᠷᠭᠡᠤᠡᠭᠡᠨ ᠠᠬᠢᠭᠤᠯᠬᠤ ᠬᠡᠷᠡᠭᠲᠡᠢ᠃    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号