ᠵᠠᠰᠠᠭ ᠤᠨ ᠣᠷᠳᠣᠨ ᠤ ᠠᠵᠢᠯ ᠤᠨ ᠢᠯᠡᠳᠬᠡᠯ ︵2020 ᠣᠨ︶
ᠨᠡᠶᠢᠲᠡᠯᠡᠭᠰᠡᠨ ᠴᠠᠭ᠄
2020/3/24
ᠲᠥᠯᠥᠭᠡᠯᠡᠭᠴᠢᠳ ᠡ᠄       ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠎ ᠢ ᠲᠦᠯᠤᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠬᠤᠷᠠᠯ ᠳᠤ ᠰᠤᠯᠠ ᠣᠷᠣᠯᠴᠠᠭᠰᠠᠨ ᠤᠯᠤᠰ ᠲᠦᠷᠦ ᠵᠢᠨ‌ᠵᠥ᠋ᠪᠯᠡᠯᠭᠡᠨ ᠤ ᠭᠡᠰᠢᠭᠦᠳ ᠪᠠ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2019 ᠣᠨ ᠤ ᠠᠵᠢᠯ ᠤᠨ ᠡᠷᠭᠢᠴᠡᠭᠦᠯᠦᠯ      2019 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠡᠭᠡᠯᠢᠭ‌ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠤᠭᠤᠷᠢᠭ ᠤᠨ  ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ‌ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ‍ᠤᠨ‌ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠠᠶ᠂ ᠲᠣᠭᠲᠠᠭᠤᠨ ᠪᠠᠶᠢᠯᠭᠠᠬᠤ ᠪᠥᠭᠡᠳ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠲᠠᠪᠤᠨ ᠤᠷᠤᠨ︾᠎ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ  ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠤᠶᠢᠯ ᠤᠨ ᠠᠵᠢᠯ ᠢ ᠨᠢᠭᠡᠳᠤᠯᠲᠠᠢ ᠲᠥᠯᠥᠪᠯᠡᠨ ᠰᠠᠶᠢᠲᠤᠷ ᠬᠢᠵᠦ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ᠂ ᠲᠤᠭᠲᠠᠭᠤᠨ‌‍ᠤ ᠳᠤᠮᠳᠠ ᠤᠷᠤᠭᠰᠢᠯᠠᠨ ᠳᠠᠪᠰᠢᠬᠤ ᠶᠢ ᠪᠡᠶᠡᠯᠡᠭᠦᠯᠵᠠᠢ᠃ ᠪᠦᠬᠦ ᠵᠢᠯ ᠳᠤ ᠲᠤᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 9.8%᠎ ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 10.1%᠎ ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4.4%᠎ ᠪᠠᠷ ᠨᠡᠮᠡᠭᠳᠡᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 19.8%᠎ ᠪᠠᠷ ᠨᠡᠮᠡᠭᠳᠡᠪᠡ᠃ ᠬᠤᠲᠠ ᠪᠠᠯᠭᠠᠰᠤ ᠪᠠ ᠲᠠᠷᠢᠶᠠᠯᠠᠬᠤ ᠤᠷᠤᠨ  ᠤ   ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6.2% ᠪᠠ 9.3%᠎ ᠪᠠᠷ ᠨᠡᠮᠡᠭᠳᠡᠭᠦᠯᠦᠨ᠎ᠡ᠃     ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠳᠣᠤᠷᠠᠬᠢ ᠠᠵᠢᠯ ᠤᠳ ᠢ ᠬᠢᠪᠡ᠃    ︵ᠨᠢᠭᠡ︶ ᠭᠤᠷᠪᠠᠨ ᠶᠡᠭᠡ ᠪᠡᠷᠬᠡ ᠰᠡᠳᠦᠪ ᠢ ᠰᠢᠢᠤᠡᠪᠤᠷᠢᠯᠡᠬᠦ ᠲᠠᠶᠢᠨ ᠵᠠᠩᠭᠢᠯᠠᠭ᠎ᠠ ᠶᠢᠨ ᠠᠬᠢᠴᠠ ᠲᠠᠢ ᠪᠣᠯᠪᠠ    ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠪᠦᠲᠦᠮᠵᠢᠲᠡᠢ᠃ ︽ᠡᠮᠦᠨ᠎ᠡ ᠡᠭᠦᠳᠡ ᠶᠢ ᠨᠡᠭᠡᠭᠡᠵᠦ᠂ ᠠᠷᠤ ᠡᠭᠦᠳᠡ ᠶᠢ ᠪᠥᠭᠯᠡᠬᠦ︾᠎ ᠶᠢ ᠪᠠᠷᠢᠮᠲᠠᠯᠠᠵᠤ᠂ ᠡᠩ ᠤᠨ ᠴᠢᠨᠠᠷᠲᠠᠶ ᠵᠠᠷᠤᠯᠭ᠎ᠠ ᠶᠢ 5%᠎ ᠪᠠᠷ ᠪᠠᠭᠠᠰᠬᠠᠵᠤ᠂ ᠡᠳ᠋ ᠬᠥᠷᠥᠩᠭᠡ ᠶᠢ ᠰᠢᠢᠤᠡᠪᠤᠷᠢᠯᠡᠬᠦ᠂ ᠭᠠᠵᠠᠷ ᠰᠢᠷᠤᠢ ᠶᠢ ᠬᠢᠮᠳᠠ ᠪᠠᠷ ᠬᠤᠳᠠᠯᠳᠤᠬᠤ ᠵᠡᠷᠭᠡ ᠠᠷᠭ᠎ᠠ ᠬᠡᠯᠪᠡᠷᠢ ᠪᠠᠷ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠤᠨ᠎ᠡ᠃ 13.49 ᠳ᠋ᠦᠩᠰᠢᠭᠤᠷ ᠲᠥᠭᠦᠷᠢᠭ ᠤᠨ ᠵᠢᠯ ᠤᠨ ᠥᠷᠢ ᠰᠢᠷᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠥᠷᠢᠲᠦᠵᠦ ᠪᠠᠶᠢᠭ᠎ᠠ‌ᠵᠣᠭᠤᠰ ᠢ ᠪᠦᠬᠦᠨ ᠢ ᠪᠦᠷᠢᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠵᠣᠭᠤᠰ ᠢ ᠬᠠᠭᠠᠰ ᠢᠯᠡᠭᠦᠦ ᠲᠥᠯᠥᠵᠦ᠂ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ ᠶᠡᠷᠦᠩᠬᠡᠶ ᠳ᠋ᠡᠭᠡᠨ‌ᠡᠵᠡᠮᠳᠡᠪᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ 66 ᠵᠤᠶᠢᠯ ᠳᠡᠭᠡᠳᠦ ᠱᠠᠲᠤᠨ ᠤ ᠲᠤᠰᠬᠠᠶ ᠵᠤᠶᠢᠯ ᠤᠨ ᠲᠣᠭᠤᠷᠢᠨ ᠪᠠᠶᠢᠴᠠᠭᠠᠯᠲᠠ᠂ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠤᠶᠢᠯ 14 ᠪᠣᠯᠵᠣ᠂ 70 ᠭᠠᠷᠤᠶ ᠲᠦᠮᠡᠨ ᠲᠥᠭᠦᠷᠢᠭ ᠤᠨ ᠣᠷᠣᠯᠭ᠎ᠠ ᠣᠯᠵᠠᠶ︔ ᠶᠠᠳᠠᠭᠤ ᠬᠦᠴᠢᠷᠳᠡᠯᠲᠡᠶ ᠡᠷᠦᠬᠡ ᠶᠢᠨ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠨᠥᠬᠦᠪᠥᠷᠢ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠲᠤᠭᠤᠷᠢᠭ ᠰᠠᠭᠤᠴᠠ ᠶᠢ ᠪᠦᠬᠦᠨ ᠢ ᠠᠮᠤᠷ ᠲᠦᠪᠰᠢᠨ ᠤ ᠳᠡᠰ ᠲᠤ ᠬᠦᠷᠦᠭᠦᠯᠵᠦ᠂ ᠤᠤᠭᠤᠬᠤ ᠤᠰᠤᠨ ᠤ ᠪᠠᠷᠢᠮᠵᠢᠶ᠎ᠠ ᠲᠤ ᠬᠦᠷᠦᠭᠦᠯᠬᠦ ᠠᠰᠠᠭᠤᠳᠠᠯ ᠢ ᠪᠦᠲᠦᠮᠵᠢᠲᠡᠶ ᠰᠢᠢᠤᠡᠪᠤᠷᠢᠯᠡᠨ᠎ᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠰᠠᠨᠠᠯ ᠢ ᠲᠣᠭᠲᠠᠭᠠᠨ ᠨᠡᠶᠢᠲᠡᠯᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠢᠯᠡᠳᠲᠡ ᠪᠣᠯᠪᠠ᠃ ᠡᠯ᠎ᠡ ᠱᠠᠲᠤᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ 27 ᠴᠡᠭᠴᠡᠯᠡᠨ ᠰᠠᠶᠢᠵᠢᠷᠠᠭᠤᠯᠵᠤ᠂ 6 ᠠᠰᠠᠭᠤᠳᠠᠯ ᠢ ᠡᠮᠬᠢ ᠵᠢᠷᠤᠮ ᠲᠠᠢ ᠴᠡᠭᠴᠡᠯᠡᠨ ᠰᠠᠶᠢᠵᠢᠷᠠᠭᠤᠯᠪᠠ᠃ ᠠᠭᠠᠷ ᠮᠠᠨᠳᠠᠯ ᠤᠨ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ 7 ᠵᠦᠢᠯ ᠤᠨ ᠠᠭᠤᠷᠬᠠᠢ ᠶᠢᠨ ᠤᠷᠤᠨ  ᠤ  ᠣᠷᠴᠢᠨ ᠲᠤᠭᠤᠷᠢᠨ ᠢ  ᠵᠠᠰᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠠᠭᠤᠷᠬᠠᠢ ᠶᠢᠨ ᠤᠷᠤᠨ  ᠤ  ᠨᠣᠭᠤᠭᠠᠷᠠᠭᠤᠯᠤᠯᠲᠠ 400 ᠰᠢᠬᠠᠮ ᠮᠦ ᠰᠢᠨ᠎ᠡ ᠪᠠᠷ ᠨᠡᠮᠡᠭᠳᠡᠵᠦ᠂ ᠨᠣᠭᠤᠭᠠᠷᠠᠭᠤᠯᠤᠯᠲᠠ ᠶᠢᠨ ᠬᠤᠭᠤᠯᠠᠢ ᠲᠣᠣᠷ ᠢ 8.8 ᠺᠢᠯᠣᠮᠧᠳ᠋ᠷ ᠢᠵᠢ ᠪᠦᠷᠢᠳᠦᠭᠦᠯᠦᠨ ᠪᠠᠶᠢᠭᠤᠯᠵᠤ ᠳᠠᠭᠤᠰᠬᠠᠪᠠ᠃ ᠶᠡᠷᠦᠩᠬᠡᠶ ᠣᠷᠳᠣ ᠨᠢ 17.6 ᠺᠢᠯᠣᠮᠧᠲᠷ ᠤᠨ ᠠᠭᠤᠷᠬᠠᠶ ᠶᠢᠨ ᠲᠤᠭᠤᠷᠢᠭ ᠤᠨ  ᠡᠮᠦᠨ᠎ᠡ᠂ ᠤᠮᠠᠷᠠᠲᠤ ᠤᠰᠤ ᠬᠠᠩᠭᠠᠬᠤ ᠬᠤᠭᠤᠯᠠᠢ ᠶᠢᠨ ᠲᠣᠤᠷ ᠤᠷᠤᠭᠰᠢᠲᠠᠶ ᠠᠭᠢᠪᠠ︔ ᠬᠤᠸᠠ ᠰᠢᠨ ᠬᠡᠤᠷᠰᠢᠭᠦᠯᠬᠦ ᠵᠡᠷᠭᠡ 7 ᠠᠵᠤ ᠠᠬᠤᠶᠢᠯᠠᠯ ᠣᠨᠴᠠᠭᠠᠶ ᠭᠠᠳᠠᠭᠰᠢᠯᠠᠭᠤᠯᠤᠯᠲᠠ ᠶᠢᠨ ᠬᠢᠵᠠᠭᠠᠷ ᠥᠷᠲᠡᠭ ᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠡᠶᠡᠯᠡᠭᠦᠯᠵᠡᠶ᠃ ᠬᠤᠲᠠ ᠲᠣᠭᠤᠷᠢᠭ ᠤᠨ ᠵᠠᠮ ᠤᠨ ᠲᠣᠭᠤᠰᠣ ᠳᠡᠭᠳᠡᠬᠦ᠂ ᠤᠲᠤᠭ᠎ᠠ ᠨᠡᠭᠦᠷᠡᠰᠦᠨ ᠤ ᠪᠤᠳᠠᠷᠠᠭᠠᠨ ᠰᠢᠲᠠᠬᠤ ᠵᠡᠷᠭᠡ ᠪᠣᠬᠢᠷᠲᠤᠯ ᠢ ᠪᠦᠲᠦᠮᠵᠢᠲᠡᠶ ᠵᠠᠰᠠᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠣᠭᠠᠨ ᠤ ᠬᠠᠷᠢᠴᠠᠯ 81% ᠬᠦᠷᠴᠦ᠂ 30 ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠲᠦᠪᠰᠢᠨ ᠢ ᠡᠭᠦᠳᠴᠡᠶ᠃ ᠤᠰᠤᠨ ᠤ ᠪᠣᠬᠢᠷᠲᠤᠯ ᠢ ᠵᠠᠰᠠᠬᠤ ᠪᠠ ᠡᠬᠢ ᠪᠠᠶᠠᠯᠢᠭ ᠤᠨ ᠬᠠᠮᠠᠭᠠᠯᠠᠯᠲᠠ ᠶᠢ ᠵᠡᠷᠭᠡᠪᠡᠷ ᠠᠬᠢᠭᠤᠯᠵᠤ᠂ ᠬᠦᠷᠢᠶᠡᠯᠡᠩ ᠲᠣᠭᠤᠷᠢᠭ ᠤᠨ 1 ᠲᠦᠮᠡᠨ ᠲᠣᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠢᠨ‌ᠠᠵᠢᠯᠯᠠᠭᠠᠨ ᠲᠣᠭᠲᠠᠭᠤᠨ ᠪᠠᠶᠢᠨ᠎ᠠ︔ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠠᠰᠠᠭᠤᠳᠠᠯ ᠢ ᠴᠡᠭᠴᠡᠯᠡᠨ ᠵᠠᠰᠠᠭᠠᠳ ᠦᠷ᠎ᠡ ᠪᠦᠲᠦᠮᠵᠢ ᠤᠯᠵᠤ᠂ ᠪᠥᠬᠦ ᠵᠢᠯ ᠳᠤ 365 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤᠨ ᠤ ᠬᠡᠮᠵᠢᠶ᠎ᠡ ᠶᠢ ᠪᠠᠭᠠᠰᠬᠠᠵᠤ᠂ ᠭᠠᠵᠠᠷ ᠲᠤᠤᠷᠠᠬᠢ ᠤᠰᠤᠨ ᠤ ᠲᠦᠪᠰᠢᠨ 1.32 ᠮᠧᠲᠷ ᠳᠡᠭᠡᠭᠰᠢᠯᠡᠪᠡ᠃    ︵ᠬᠤᠶᠠᠷ︶ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠲᠦᠷᠭᠡᠳᠪᠡ      ᠠᠵᠤ ᠤᠶᠢᠯᠡᠤᠡᠪᠤᠷᠢ ᠶᠢᠨ ᠠᠵᠤ ᠠᠬᠤᠢ ᠶᠢᠨ ᠶᠠᠰᠤ ᠴᠢᠨᠠᠷ ᠢ  ᠳᠡᠭᠡᠭᠰᠢᠯᠡᠭᠦᠯᠦᠨ ᠨᠡᠮᠡᠭᠳᠡᠯ ᠢ ᠨᠡᠮᠡᠭᠳᠡᠭᠦᠯᠦᠨ᠎ᠡ᠃ ᠤᠯᠠᠮᠵᠢᠯᠠᠯᠲᠤ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠵᠦ᠂ ᠵᠢᠶᠠᠨ ᠯᠦᠩ ᠪᠦᠯᠦᠭᠯᠡᠯ ᠤᠨ ᠤᠤᠯ ᠤᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ 200 ᠲᠦᠮᠡᠨ ᠲᠣᠨ ᠪᠤᠯᠤᠳ ᠲᠡᠮᠦᠷ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠵᠢᠯ ᠤᠨ ᠪᠤᠯᠤᠳ ᠲᠡᠮᠦᠷ ᠤᠨ ᠭᠠᠷᠤᠯᠲᠠ ᠵᠠᠭᠤᠨ ᠲᠦᠮᠡᠨ ᠲᠣᠨ ᠢ ᠳᠠᠪᠠᠪᠠ︔ᠤᠯᠤᠰ ᠤᠨ ᠳᠣᠲᠣᠭᠠᠳᠤ ᠶᠢᠨ ᠠᠩᠬᠠᠳᠠᠭᠴᠢ ᠥᠨᠳᠥᠷ ᠵᠤᠤᠬ᠎ᠠ ᠶᠢᠨ ᠪᠤᠰᠤ ᠲᠡᠮᠦᠷᠯᠢᠭ ᠬᠠᠶᠢᠯᠤᠭᠤᠯᠬᠤ ᠮᠡᠷᠭᠡᠵᠢᠯ ᠢ ᠬᠡᠷᠡᠭᠯᠡᠭᠰᠡᠨ ᠰᠤᠰᠫ 30 ᠲᠦᠮᠡᠨ ᠲᠣᠨ ᠴᠤᠯᠤ ᠴᠡᠪᠡᠷ ᠰᠢᠷᠠᠮᠤ ᠴᠢᠳᠬᠤᠬᠤ ᠳᠤᠮᠳᠠ ᠵᠡᠷᠭᠡ ᠶᠢᠨ ᠲᠤᠷᠰᠢᠯᠲᠠ ᠶᠢᠨ ᠲᠥᠷᠥᠯ ᠵᠤᠶᠢᠯ ᠠᠵᠢᠯ ᠢᠶᠠᠨ ᠡᠬᠢᠯᠡᠭᠦᠯᠵᠡᠶ᠃ ᠨᠡᠭᠦᠷᠡᠰᠦ ᠬᠡᠦᠷᠡᠰᠦᠨ ᠪᠣᠯᠣᠳ ᠤᠨ ᠠᠵᠤ ᠦᠢᠯᠡᠰ ᠤᠨ ᠬᠡᠯᠬᠢᠶ᠎ᠡ ᠪᠦᠬᠦ ᠲᠠᠯ᠎ᠠ ᠪᠠᠷ ᠠᠮᠢᠳᠤᠯᠢᠭ ᠪᠣᠯᠪᠠ᠃ ᠪᠦᠦ ᠬᠤᠸᠠ ᠸᠠᠨ ᠴᠧᠨ ᠣᠨᠴᠠ ᠲᠥᠷᠥᠯ ᠤᠨ ᠪᠠᠷᠤᠭᠰᠢᠨ ᠲᠥᠷᠥᠯ ᠵᠦᠢᠯ ᠢ ᠲᠤᠷᠰᠢᠨ ᠦᠢᠯᠡᠳᠪᠦᠷᠢᠯᠡᠵᠦ᠂ ᠪᠦᠦ ᠡᠤ ᠨᠡᠭᠦᠷᠡᠰᠦᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠶᠠᠫᠣᠨ ᠤ JFE᠎ ᠲᠠᠢ ᠬᠠᠮᠲᠤᠷᠠᠯᠴᠠᠭᠰᠠᠨ ᠨᠡᠭᠦᠷᠡᠰᠦᠨ ᠮᠠᠲ᠋ᠧᠷᠢᠶᠠᠯ ᠢ ᠨᠢᠭᠡ ᠴᠣᠭᠴᠠᠵᠢᠭᠤᠯᠬᠤ ᠲᠥᠷᠥᠯ ᠵᠤᠶᠢᠯ ᠢ ᠤᠷᠤᠭᠰᠢᠲᠠᠶ ᠬᠡᠷᠡᠭᠵᠢᠭᠦᠯᠵᠦ᠂ ᠪᠦᠦ ᠬᠤᠸᠠ ᠸᠠᠨ ᠴᠧᠨ ᠨᠡᠭᠦᠷᠡᠰᠦᠨ ᠰᠢᠷᠬᠡᠭ᠂ ᠪᠦᠦ ᠵᠢᠶᠧ ᠪᠠᠯ ᠴᠢᠯᠠᠭᠤᠨ ᠪᠢᠯᠢᠭ ᠮᠠᠲ᠋ᠧᠷᠢᠶᠠᠯ ᠵᠡᠷᠭᠡ ᠲᠥᠷᠥᠯ ᠵᠤᠶᠢᠯ ᠢ ᠲᠦᠷᠭᠡᠳᠬᠡᠨ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠤᠶᠢᠯᠡᠤᠡᠪᠤᠷᠢ ᠶᠢᠨ ᠠᠵᠤ ᠤᠶᠢᠯᠡᠰ ᠤᠨ ᠬᠡᠯᠬᠢᠶ᠎ᠡ ᠳᠡᠭᠡᠭᠰᠢᠯᠡᠵᠦ ᠬᠥᠭᠵᠢᠪᠡ᠃ ᠰᠢᠨ᠎ᠡ ᠪᠠᠷ ᠬᠥᠭᠵᠢᠭᠰᠡᠨ ᠠᠵᠤ ᠤᠶᠢᠯᠡᠰ  ᠤᠨ ᠬᠥᠳᠡᠯᠭᠡᠭᠴᠢ ᠡᠨᠧᠷᠭᠢ ᠬᠤᠷᠠᠮᠳᠤᠪᠠ᠃ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠬᠦᠷᠢᠶᠡᠯᠡᠩ ᠤᠨ 500 ᠰᠠᠭᠤᠷᠢ ᠣᠯᠠᠨ ᠲᠠᠯᠠᠰᠲᠤ ᠴᠠᠬᠢᠭᠤᠷ ᠪᠣᠯᠤᠨ ᠳᠠᠩ ᠲᠠᠯᠠᠰᠲᠤ ᠴᠠᠬᠢᠭᠤᠷ ᠤᠨ ᠲᠥᠬᠦᠭᠡᠷᠦᠮᠵᠢ ᠠᠰᠢᠭᠯᠠᠯᠲᠠ ᠳᠤ ᠣᠷᠣᠵᠠᠶ᠃ ᠤᠶᠢᠯᠡᠤᠡᠭᠦᠨ ᠤ ᠥᠷᠲᠡᠭ ᠢ 3.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠱᠠᠨᠰᠢ ᠶᠢᠨ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠬᠦᠨᠳᠦ ᠺᠠᠷᠲ  7430 ᠰᠠᠭᠤᠷᠢ ᠵᠢᠯ ᠤᠨ ᠭᠠᠷᠤᠯᠲᠠ ᠶᠢᠨ ᠲᠡᠮᠳᠡᠭᠯᠡᠯ ᠎ ᠢ ᠡᠭᠦᠳᠦᠭᠰᠡᠨ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠤᠯᠤᠰ ᠤᠨ ᠵᠢᠷᠭᠤᠳᠤᠭᠠᠷ ᠳᠠᠪᠬᠤᠷ ᠺᠠᠷᠲ ᠤᠷᠤᠭᠰᠢᠲᠠᠶ ᠱᠤᠭᠤᠮ ᠠᠴᠠ ᠪᠠᠭᠤᠪᠠ᠃ 200 ᠰᠠᠶ᠎ᠠ ᠸᠠᠲ ᠤᠨ ᠠᠳ᠋ᠰ ᠵᠡᠷᠭᠡ 3 ᠭᠡᠷᠡᠯ ᠸᠣᠯᠲ ᠤᠨ ᠳᠠᠭᠠᠭᠤᠯᠤᠭᠴᠢ ᠶᠢᠨ ᠲᠥᠷᠥᠯ ᠵᠤᠶᠢᠯ ᠲᠣᠤᠷ ᠲᠤ ᠨᠡᠶᠢᠯᠡᠭᠦᠯᠤᠨ ᠴᠠᠬᠢᠯᠭᠠᠨ ᠭᠠᠷᠭᠠᠵᠤ᠂ ᠴᠢ ᠲᠢᠶᠠᠨ ᠰᠦᠯᠵᠢᠶ᠎ᠡ ᠪᠣᠯᠤᠨ ᠵᠤ᠋  ᠼᠠᠩ ᠶᠢᠨ ᠥᠨᠳᠥᠷ ᠴᠢᠳᠠᠪᠬᠢᠲᠤ ᠪᠣᠳᠣᠯᠭ᠎ᠠ ᠶᠢᠨ ᠲᠥᠪ ᠠᠰᠢᠭᠯᠠᠯᠲᠠ ᠳᠤ ᠣᠷᠣᠵᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠤᠯᠠᠨ ᠲᠦᠢᠯ ᠤᠨ ᠲᠤᠯᠭᠠᠭᠤᠷᠢᠯᠠᠯ ᠢ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠳᠠᠭᠠᠭᠠᠴᠠ ᠤᠯᠠᠮ ᠨᠢᠭᠡ ᠠᠯᠬᠤᠮ ᠴᠢᠩᠭᠠᠷᠠᠪᠠ᠃ 5700 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠰᠤᠨ ᠴᠠᠬᠢᠯᠭᠠᠨ ᠵᠠᠮ ᠵᠡᠷᠭᠡ ᠦᠢᠯᠡᠳᠪᠦᠷᠢᠯᠡᠯ ᠤᠨ ᠬᠦᠴᠤᠨ ᠵᠦᠢᠯ ᠢ ᠲᠡᠭᠦᠯᠳᠡᠷᠵᠢᠭᠦᠯᠵᠦ᠂ 100 ᠲᠦᠮᠡᠨ ᠲᠣᠨ ᠬᠠᠲᠤᠨ ᠭᠤᠤᠯ ᠤᠨ ᠤᠰᠤᠨ ᠤ ᠡᠷᠬᠡ ᠶᠢ ᠠᠰᠢᠭᠯᠠᠬᠤ ᠪᠠᠷ ᠴᠢᠷᠮᠠᠶᠢᠵᠤ᠂ 8 ᠺᠢᠯᠣᠮᠧᠲᠷ‌ᠤᠶᠢᠯᠡᠤᠡᠪᠤᠷᠢᠯᠡᠯ ᠤᠨ ᠤᠰᠤ ᠬᠡᠷᠡᠭᠯᠡᠬᠦ ᠬᠤᠭᠤᠯᠠᠶ ᠲᠣᠤᠷ ᠢ ᠥᠭᠡᠷᠡᠴᠢᠯᠡᠨ ᠵᠠᠰᠠᠵᠤ᠂ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠤᠰᠤ ᠬᠡᠷᠡᠭᠯᠡᠬᠦ ᠪᠠᠲᠤᠯᠠᠭ᠎ᠠ ᠶᠢᠨ ᠴᠢᠳᠠᠪᠤᠷᠢ ᠶᠢ 1500 ᠲᠦᠮᠡᠨ ᠲᠣᠨ ᠳᠤ ᠬᠦᠷᠭᠡᠨ᠎ᠡ᠃ ᠠᠮᠢ ᠠᠬᠤᠢ ᠶᠢᠨ 110 ᠺᠢᠯᠣᠸᠠᠲ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠬᠦ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠴᠠᠬᠢᠯᠭᠠᠨ ᠬᠡᠷᠡᠭᠯᠡᠬᠦ ᠶᠢ ᠪᠠᠲᠤᠯᠠᠪᠠ᠃ ᠤᠰᠤᠨ ᠳᠤ ᠡᠪᠳᠡᠭᠳᠡᠭᠰᠡᠨ ᠵᠠᠮ  ᠢ ᠦᠶᠡᠷ ᠢ ᠰᠡᠷᠭᠡᠶᠢᠯᠡᠬᠦ ᠪᠠᠷᠢᠮᠵᠢᠶ᠎ᠠ ᠶᠣᠰᠣᠭᠠᠷ ᠳᠠᠬᠢᠨ ᠪᠠᠶᠢᠭᠤᠯᠵᠤ᠂ ︽ᠰᠢᠩᠭᠡᠯᠢᠭ ᠰᠤᠯᠠᠯᠠᠵᠤ ᠰᠢᠪᠠᠭᠤ ᠰᠣᠯᠢᠬᠤ︾᠎ ᠶᠢ ᠠᠰᠢᠭᠯᠠ 887.8 ᠮᠦ ᠭᠠᠵᠠᠷ ᠰᠢᠷᠣᠶ ᠶᠢ ᠠᠮᠢᠯᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ 10.5 ᠺᠢᠯᠣᠮᠧᠲᠷ ᠰᠢᠨ᠎ᠡ ᠪᠠᠷ ᠨᠡᠮᠡᠭᠳᠡᠵᠦ  ᠰᠠᠭᠤᠷᠢ ᠲᠦᠭᠦᠷᠤᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠪᠡ᠃ ᠬᠦᠷᠢᠶᠡᠯᠡᠩ ᠲᠣᠭᠤᠷᠢᠭ ᠤᠨ ᠤᠷᠴᠢᠯᠵᠢᠭᠤᠯᠤᠨ ᠥᠭᠡᠷᠡᠴᠢᠯᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠵᠢ‌‍ᠪᠡᠶᠡᠯᠡᠭᠦᠯᠵᠦ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠤᠳᠤ ᠦᠶ᠎ᠡ ᠶᠢᠨ ᠤᠶᠢᠯᠡᠴᠢᠯᠡᠭᠡᠨ ᠤ ᠤᠶᠢᠯᠡᠰ ᠲᠦᠷᠭᠡᠪᠴᠢᠯᠡᠨ ᠬᠥᠭᠵᠢᠪᠡ᠃ ᠠᠮᠢᠳᠤᠷᠠᠯ ᠤᠨ ᠴᠢᠨᠠᠷᠲᠠᠶ ᠤᠶᠢᠯᠡᠴᠢᠯᠡᠭᠡᠨ ᠤ ᠤᠶᠢᠯᠡᠰ ᠤᠨ ᠴᠢᠨᠠᠷ ᠴᠢᠨᠰᠠᠭ᠎ᠠ‌ᠤᠯᠠᠮ ᠳᠡᠭᠡᠭᠰᠢᠯᠡᠵᠦ᠂ ᠸᠠᠨ ᠳ᠋ᠠ ᠬᠤᠳᠠᠯᠳᠤᠭᠠᠨ ᠤ ᠲᠣᠭᠤᠷᠢᠭ ᠠᠯᠬᠤᠮ ᠠᠯᠬᠤᠮ ᠢᠶᠠᠷ ᠪᠦᠷᠢᠯᠳᠦᠵᠡᠶ᠃ ᠵᠢᠦ ᠯᠦᠩ ᠣᠯᠠᠨ ᠤᠯᠤᠰ ᠤᠨ ᠬᠤᠳᠠᠯᠳᠤᠭᠠᠨ ᠤ ᠴᠣᠭᠴᠠ ᠦᠨᠳᠦᠰᠦᠨ ᠳᠡᠭᠡᠨ ᠳᠠᠭᠤᠰᠴᠤ᠂ ᠪᠤᠤᠯᠢᠨ ᠪᠠᠭᠤᠳᠠᠯ ᠤᠨ ᠭᠤᠤᠯ ᠴᠣᠭᠴᠠ ᠶᠢ ᠪᠡᠶᠡᠯᠡᠭᠦᠯᠵᠡᠶ᠃ ᠲᠦᠷᠦᠭᠦᠦ ᠪᠠᠷᠢᠭᠠᠳᠠ ᠶᠢᠨ ᠵᠢᠶᠠᠨ ᠭᠦᠸᠧ ᠵᠣᠴᠢᠳ ᠤᠨ ᠪᠠᠭᠤᠳᠠᠯ ᠭᠡᠷ᠎ᠡ ᠲᠣᠭᠲᠠᠵᠤ᠂ ᠵᠠᠬ᠎ᠠ ᠳᠡᠯᠭᠡᠭᠦᠷ ᠤᠨ ᠬᠤᠭᠤᠰᠣᠨ ᠢ ᠨᠥᠬᠦᠪᠥᠷᠢᠯᠡᠭᠰᠡᠨ 50 ᠭᠠᠷᠤᠶ ᠨᠠᠷᠠᠲᠤ ᠲᠡᠮᠳᠡᠭᠲᠦ ᠣᠷᠣᠵᠤ ᠰᠠᠭᠤᠨ᠂ 5G ᠥᠨᠳᠥᠷ ᠬᠤᠷᠳᠤᠴᠠᠲᠤ ᠥᠷᠭᠡᠨ ᠪᠦᠰᠡᠲᠦ ᠰᠦᠯᠵᠢᠶᠡᠨ ᠤ ᠢᠨᠵᠧᠨᠧᠷᠢᠩ ᠤᠨ ᠬᠤᠳᠠᠯᠳᠤᠭᠠᠨ ᠳᠤ ᠬᠡᠷᠡᠭᠯᠡᠬᠦ ᠲᠤᠷᠰᠢᠯᠲᠠ ᠶᠢ ᠡᠬᠢᠯᠡᠭᠦᠯᠪᠡ᠃ ᠲᠤᠭᠤᠷᠢᠭ ᠪᠦᠰᠡ ᠶᠢᠨ ᠠᠷᠠᠯᠵᠢᠶ᠎ᠠ ᠬᠤᠳᠠᠯᠳᠤᠭᠠᠨ ᠤ ᠲᠥᠪ ᠤᠨ ᠪᠠᠶᠢᠷᠢ ᠰᠠᠭᠤᠷᠢ ᠨᠠᠩ ᠪᠠᠲᠤ ᠪᠠᠬᠢ ᠪᠣᠯᠪᠠ᠃ ᠨᠢᠭᠡᠳᠦᠭᠡᠷ ᠪᠠᠷᠠᠭᠠᠨ ᠤ ᠭᠦᠢᠯᠭᠡᠭᠡᠨ ᠤ ᠵᠠᠰᠠᠮᠠᠯ ᠵᠠᠮ ᠤᠨ ᠭᠠᠷᠠᠮ ᠤᠨ ᠲᠥᠷᠥᠯ ᠵᠤᠶᠢᠯ᠂ ᠰᠠᠢ ᠰᠢᠩ‌ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠵᠡᠷᠭᠡ ᠲᠥᠷᠥᠯ ᠵᠤᠶᠢᠯ ᠤᠷᠤᠭᠰᠢᠲᠠᠶ ᠠᠭᠢᠵᠤ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠵᠤᠭᠠᠴᠠᠯ ᠤᠨ ᠦᠢᠯᠡᠰ ᠯᠠᠪᠳᠠᠭᠤᠨ ᠢᠶᠠᠷ ᠤᠷᠤᠭᠰᠢᠯᠠᠵᠤ᠂ ᠪᠦᠬᠦ ᠲᠤᠭᠤᠷᠢᠭ ᠪᠦᠰᠡ ᠶᠢᠨ ᠵᠤᠭᠠᠴᠠᠯ ᠤᠨ ᠶᠡᠷᠦᠩᠬᠡᠢ ᠲᠦᠯᠤᠪᠵᠢᠭᠦᠯᠭᠡ ᠶᠢ ᠡᠬᠢᠯᠡᠨ ᠬᠡᠷᠡᠭᠵᠢᠭᠦᠯᠵᠦ᠂ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠬᠤᠯᠪᠣᠭᠠᠲᠤ ᠤᠷᠤᠯᠳᠤᠭᠠᠨ ᠤ ᠰᠢᠢᠤᠡᠪᠤᠷᠢᠳᠤ  ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠤᠷᠤᠯᠳᠤᠭᠠᠨ ᠢ ᠬᠠᠮᠵᠢᠯᠴᠠᠨ ᠡᠷᠭᠢᠯᠡᠵᠦ᠂ ᠪᠥᠬᠦ ᠵᠢᠯ ᠳᠤ ᠵᠤᠭᠠᠴᠠᠭᠰᠠᠳ ᠢ ᠪᠠᠷᠤᠭ 225.8 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ ᠪᠠᠷᠤᠭ 49.3 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠤᠶᠢᠯᠡᠰ ᠤᠨ ᠲᠤᠯᠭᠠᠭᠤᠷᠢᠯᠠᠬᠤ ᠤᠶᠢᠯᠡᠳᠤᠯ ᠢᠯᠡᠷᠬᠡᠶ ᠪᠠᠶᠢᠵᠤ᠂ ᠮᠥᠩᠭᠦᠨ ᠭᠦᠢᠯᠭᠡᠭᠡᠨ ᠤ ᠤᠶᠢᠯᠡᠰ ᠤᠨ ᠭᠠᠶᠢᠯᠢ ᠲᠠᠲᠠᠪᠤᠷᠢ 6.23 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠷᠠᠳ ᠤᠨ ᠵᠣᠭᠤᠰ ᠤᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠰ ᠲᠤᠰ 9.7%᠂ 18.8%᠎ ᠪᠠᠷ ᠨᠡᠮᠡᠭᠳᠡᠵᠦ᠂ ᠠᠵᠤ ᠠᠬᠤᠶᠢᠯᠠᠯ ᠢ ᠬᠠᠪᠰᠤᠷᠤᠨ 58 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠨᠢ ᠰᠢᠯᠵᠢᠭᠦᠯᠦᠨ ᠦᠷᠭᠦᠯᠵᠢᠯᠡᠭᠦᠯᠵᠠᠢ᠃ ᠮᠥᠩᠭᠦᠨ ᠭᠦᠢᠯᠭᠡᠭᠡ ᠪᠣᠳᠠᠲᠤ ᠴᠣᠭᠴᠠ ᠶᠢᠨ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠲᠡᠮᠵᠢᠨ᠎ᠠ᠃  ︵ᠭᠤᠷᠪᠠ︶ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠤᠨ᠎ᠠ    ᠬᠤᠲᠠ ᠶᠢᠨ ᠣᠷᠴᠢᠨ ᠲᠣᠭᠤᠷᠢᠨ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ ᠪᠣᠯᠪᠠ᠃ ︽ᠬᠤᠤᠰ ᠬᠤᠲᠠ ᠬᠤᠯᠪᠣᠭᠠᠯᠠᠨ ᠡᠭᠦᠳᠬᠦ︾᠎ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠳᠥᠭᠦᠮ ᠪᠦᠳᠦᠴᠡᠳᠦ ᠲᠤᠭᠤᠷᠢᠭ ᠰᠠᠭᠤᠴᠠ ᠶᠢᠨ ᠪᠤᠰᠤ 6 ᠲᠤᠭᠤᠷᠢᠭ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠭᠤᠯᠵᠤ᠂ ᠨᠡᠶᠢᠲᠡ 4.8 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠪᠠ᠃ 13.7 ᠺᠢᠯᠣᠮᠧᠳ᠋ᠷ ᠤᠨ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠰᠢᠨᠡᠤᠡᠭᠡᠵᠤ᠂ ᠹᠧᠩ ᠬᠤᠸᠠᠩ ᠵᠢᠵᠢᠭ ᠭᠤᠳᠤᠮᠵᠢ ᠶᠢᠨ ᠣᠨᠴᠠᠯᠢᠭᠲᠤ ᠵᠡᠭᠡᠯᠢ ᠭᠤᠳᠤᠮᠵᠢ ᠶᠢ ᠥᠭᠡᠷᠡᠴᠢᠯᠡᠨ ᠰᠢᠨᠡᠳᠬᠡᠪᠡ᠃ 4.2 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ 4 ᠬᠠᠭᠤᠴᠢᠨ ᠰᠠᠭᠤᠭᠠᠯᠢ ᠲᠣᠭᠤᠷᠢᠭ ᠤᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠭᠦᠯᠵᠤ᠂ ᠡᠯ᠎ᠡ ᠰᠠᠭᠤᠭᠠᠯᠢ ᠲᠣᠭᠤᠷᠢᠭ ᠤᠨ ᠬᠢᠨ 500 ᠭᠠᠷᠤᠶ ᠭᠠᠵᠠᠷ ᠢ ᠳᠤᠷ᠎ᠠ ᠪᠠᠷ ᠢᠶᠠᠨ ᠪᠠᠶᠢᠭᠤᠯᠵᠤ ᠪᠠᠶᠢᠭᠰᠠᠨ ᠢ  ᠨᠤᠷᠠᠭᠠᠪᠠ᠃ ᠪᠠᠭ᠎ᠠ ᠲᠣᠭᠤᠷᠢᠭ ᠤᠨ ᠨᠣᠭᠤᠭᠠᠷᠠᠭᠤᠯᠤᠭᠰᠠᠨ ᠲᠠᠯᠠᠪᠠᠢ 5100 ᠭᠠᠷᠤᠶ ᠲᠡᠭᠰᠢ ᠳᠥᠷᠪᠡᠯᠵᠢᠨ ᠮᠧᠲᠷ᠂ 50 ᠪᠠᠭ᠎ᠠ ᠲᠣᠭᠤᠷᠢᠭ ᠲᠤ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠴᠡᠭ ᠪᠠᠶᠢᠭᠤᠯᠵᠤ᠂ ᠪᠠᠭ᠎ᠠ ᠲᠤᠭᠤᠷᠢᠭ ᠎ ᠤᠨ ᠣᠷᠴᠢᠨ ᠲᠣᠭᠤᠷᠢᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠪᠠ᠃ ᠭᠤᠣᠯ ᠪᠣᠯᠬᠤ ᠵᠡᠭᠡᠯᠢ ᠵᠠᠮ  ᠢ 2.2 ᠺᠢᠯᠣᠮᠧᠳ᠋ᠷ ᠰᠡᠯᠪᠢᠨ ᠵᠠᠰᠠᠵᠤ ᠥᠭᠡᠷᠡᠴᠢᠯᠡᠨ ᠵᠠᠰᠠᠵᠤ᠂  ᠬᠤᠲᠠ ᠶᠢᠨ ᠵᠠᠮ ᠤᠨ ᠲᠣᠤᠷ  ᠢ ᠨᠠᠩ ᠰᠠᠭᠠᠳ ᠦᠭᠡᠢ ᠨᠡᠪᠲᠡᠷᠡᠭᠦᠯᠪᠡ᠃ᠠᠮᠢᠳᠤᠷᠠᠯ ᠤᠨ ᠬᠤᠭ ᠨᠣᠪᠰᠢ ᠰᠢᠢᠤᠡᠪᠤᠷᠢᠯᠡᠬᠦ  ᠤᠶᠢᠯᠡᠤᠡᠪᠤᠷᠢ ᠶᠢᠨ ᠬᠤᠶᠠᠳᠤᠭᠠᠷ ᠬᠤᠭᠤᠴᠠᠭᠠᠨ ᠤ  ᠬᠤᠲᠠ ᠶᠢᠨ ᠳᠤᠮᠳᠠᠬᠢ ᠤᠰᠤᠨ ᠰᠢᠰᠲ᠋ᠧᠮ ᠤᠨ ᠨᠢᠭᠡᠳᠦᠭᠡᠷ ᠴᠡᠴᠡᠷᠯᠢᠭ ᠢ ᠵᠢᠩᠬᠢᠨᠢ ᠪᠠᠷ ᠨᠡᠭᠡᠭᠡᠵᠦ᠂ ᠪᠢᠴᠢᠯ ᠬᠡᠯᠪᠡᠷᠢ ᠶᠢᠨ ᠨᠣᠭᠤᠭᠠᠨ ᠬᠥᠷᠥᠰᠥ ᠶᠢᠨ ᠴᠡᠴᠡᠷᠯᠢᠭ ᠢ 2 ᠪᠠᠶᠢᠭᠤᠯᠵᠤ᠂ ᠪᠦᠬᠦ ᠲᠤᠭᠤᠷᠢᠭ ᠳᠤ 29 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠵᠦ᠂ ᠨᠣᠭᠤᠭᠠᠨ ᠬᠥᠷᠥᠰᠥ ᠶᠢᠨ ᠨᠣᠷᠮ᠎ᠠ ᠪᠠ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠲᠣᠰ ᠲᠣᠰ 43% ᠪᠠ 46%᠎ ᠳᠤ ᠬᠦᠷᠴᠦ᠂ ᠬᠥᠮᠦᠨ ᠪᠦᠷᠢ ᠶᠢᠨ ᠳᠤᠮᠳᠠᠴᠢ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠢ 22 ᠲᠡᠭᠰᠢ ᠳᠥᠷᠪᠡᠯᠵᠢᠨ ᠮᠧᠲᠷ ᠲᠤ ᠬᠦᠷᠪᠡ᠃ 2800 ᠲᠦᠮᠡᠨ ᠲᠥᠭᠦᠷᠢᠭ ᠤᠨ ᠪᠡᠯᠡ ᠮᠥᠩᠭᠦ ᠣᠯᠵᠤ ᠳᠤᠮᠳᠠ ᠵᠢᠵᠢᠭ ᠭᠤᠣᠯ ᠮᠥᠷᠡᠨ ᠢ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ 29.3 ᠺᠢᠯᠤᠮᠧᠳ᠋ᠷ ᠤᠨ ᠭᠤᠣᠯ  ᠢ ᠯᠠᠶᠢᠳᠠᠵᠤ ᠪᠠᠬᠢᠯᠡᠨ ᠵᠠᠰᠠᠵᠤ᠂ ᠬᠤᠲᠠ ᠶᠢᠨ ᠦᠶᠡᠷ ᠢ ᠰᠡᠷᠭᠡᠶᠢᠯᠡᠬᠦ ᠴᠢᠳᠠᠪᠤᠷᠢ ᠢᠯᠡᠳᠲᠡ ᠳᠡᠭᠡᠭᠰᠢᠯᠡᠪᠡ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠪᠡ᠃ ᠴᠡᠭᠡᠯ ᠠᠭᠤᠯᠠ  ᠪᠠᠯᠭᠠᠰᠤ ᠪᠥᠬᠦ ᠤᠯᠤᠰ ᠤᠨ ᠲᠠᠷᠢᠶᠠᠯᠠᠩ ᠤᠨ ᠠᠵᠤ ᠤᠶᠢᠯᠡᠰ ᠤᠨ ᠬᠦᠴᠦᠷᠬᠡᠭ ᠪᠠᠯᠭᠠᠰᠤᠨ ᠤ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠣᠷᠣᠵᠤ᠂ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠨᠠᠩ ᠪᠠᠲᠤ ᠪᠠᠬᠢ ᠪᠣᠯᠪᠠ᠃ ᠦᠵᠦᠮ᠂ ᠢᠳᠡᠰᠢᠨ ᠨᠣᠭᠤᠭ᠎ᠠ ᠲᠠᠷᠢᠬᠤ ᠲᠠᠯᠠᠪᠠᠢ ᠨᠡᠮᠡᠭᠳᠡᠭᠡᠳ 1.3 ᠲᠦᠮᠡᠨ ᠮᠦ ᠪᠠ 0.6 ᠲᠦᠮᠡᠨ ᠮᠦ ᠪᠣᠯᠵᠤ᠂ ᠶᠦᠨ ᠹᠧᠶ ᠦᠵᠦᠮ ᠤᠨ ᠠᠷᠢᠬᠢ ᠶᠢᠨ ᠫᠦᠰᠡ ᠵᠡᠷᠭᠡ 5 ᠠᠵᠤ ᠤᠶᠢᠯᠡᠰ ᠤᠨ ᠲᠥᠷᠥᠯ ᠵᠤᠶᠢᠯ ᠢ ᠯᠠᠪᠳᠠᠭᠤᠨ ᠢᠶᠠᠷ ᠬᠡᠷᠡᠭᠵᠢᠭᠦᠯᠵᠦ᠂ ᠣᠯᠠᠨ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠶᠢᠯᠡᠰ ᠪᠣᠰᠬᠠᠬᠤ ᠲᠠᠪᠴᠠᠩ ᠳᠡᠭᠡᠷ᠎ᠡ ᠪᠣᠷᠣᠯᠠᠭᠤᠯᠪᠠ᠃ ᠲᠤᠸᠠᠨ ᠵᠢᠶᠧ ᠰᠢᠨ᠎ᠡ ᠲᠣᠰᠬᠤᠨ ᠤᠯᠤᠰ ᠎ ᠤᠨ ᠲᠡᠰ ᠤᠨ ᠬᠠᠮᠲᠤ ᠶᠢᠨ ᠠᠵᠤ ᠠᠬᠤᠢ ᠶᠢᠨ ᠭᠤᠤᠯᠳᠠᠯᠭ᠎ᠠ ᠲᠠᠢ ᠲᠡᠬᠦᠬᠦ ᠲᠣᠰᠬᠤᠨ ᠳᠤ ᠵᠢᠭᠰᠠᠭᠠᠨ ᠤᠷᠤᠪᠠ᠃ ᠲᠠᠷᠢᠶᠠᠯᠠᠬᠤ ᠤᠷᠤᠨ  ᠤ ᠣᠷᠣᠰᠢᠨ ᠰᠠᠭᠤᠬᠤ ᠣᠷᠴᠢᠨ ᠲᠣᠭᠤᠷᠢᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠲᠤᠭᠤᠷᠢᠭ ᠤ ᠵᠠᠰᠠᠮᠠᠯ ᠵᠠᠮ ᠎ ᠢ 37 ᠺᠢᠯᠣᠮᠧᠳ᠋ᠷ ᠳᠡᠪᠢᠰᠴᠦ᠂ ᠬᠥᠳᠡᠭᠡ ᠲᠣᠰᠬᠤᠨ ᠤ ︽ᠮᠤᠬᠤᠷ ᠵᠠᠮ︾᠎ ᠢ 4 ᠺᠢᠯᠣᠮᠧᠳ᠋ᠷ ᠨᠡᠪᠲᠡᠷᠡᠭᠦᠯᠪᠡ︔ ᠲᠠᠷᠠᠬᠠᠶ ᠪᠤᠲᠠᠷᠬᠠᠶ ᠮᠠᠶ᠋ᠢᠭ ᠤᠨ ᠪᠣᠬᠢᠷ ᠤᠰᠤ ᠰᠢᠢᠤᠡᠪᠤᠷᠢᠯᠡᠬᠦ ᠲᠥᠬᠦᠭᠡᠷᠦᠮᠵᠢ ᠶᠢ 5 ᠤᠭᠰᠠᠷᠠᠪᠠ᠃ 31᠎ ᠶᠢ ᠰᠢᠢᠳᠪᠦᠷᠢᠯᠡᠬᠦ ᠥᠷᠲᠡᠭᠡ ᠪᠠᠶᠢᠭᠤᠯᠵᠤ᠂ 46 ᠺᠢᠯᠣᠮᠧᠳ᠋ᠷ ᠪᠣᠬᠢᠷ ᠤᠰᠤᠨ ᠤ ᠬᠤᠭᠤᠯᠠᠢ ᠶᠢ ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠪᠠᠶᠢᠭᠤᠯᠪᠠ︔ ᠲᠠᠷᠢᠶᠠᠯᠠᠬᠤ‌ᠤᠷᠤᠨ‌‍ᠤ ᠨᠡᠶᠢᠲᠡ ᠶᠢᠨ ᠵᠣᠷᠯᠣᠩ 109 ᠪᠣᠯᠵᠤ᠂ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ 85%᠎ ᠶᠢ ᠳᠠᠪᠠᠵᠤ᠂ 1764 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ ᠲᠠᠷᠢᠶᠠᠯᠠᠬᠤ‌ᠤᠷᠤᠨ  ᠤ ᠪᠦᠬᠦᠯᠢ ᠴᠣᠭᠴᠠ ᠶᠢᠨ ᠣᠷᠴᠢᠨ ᠲᠣᠭᠤᠷᠢᠨ ᠤᠯᠠᠮ ᠨᠢᠭᠡ ᠠᠯᠬᠤᠮ ᠰᠠᠶᠢᠵᠢᠷᠠᠪᠠ᠃ ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠨᠡᠷ᠎ᠡ ᠪᠤᠷᠤᠭᠤᠯᠠᠭᠰᠠᠨ ᠭᠡᠷ ᠪᠠᠶᠢᠰᠢᠩ︾᠎ ᠢ ᠢᠯᠭᠠᠷᠠᠭᠤᠯᠤᠨ ᠴᠡᠭᠴᠡᠯᠡᠨ‌ᠵᠠᠰᠠᠬᠤ ᠡᠭᠦᠷᠭᠡ ᠪᠠᠨ ᠪᠡᠶᠡᠯᠡᠭᠦᠯᠵᠦ᠂ ᠬᠠᠤᠯᠢ ᠪᠤᠰᠤ ᠪᠠᠷ ᠪᠠᠶᠢᠭᠤᠯᠤᠭᠰᠠᠨ ᠵᠤᠰᠠᠯᠠᠩ ᠢ ᠴᠡᠪᠡᠷᠯᠡᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠯᠠᠪᠳᠠᠭᠤᠨ ᠢᠶᠠᠷ ᠠᠬᠢᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠦᠨᠡᠨᠬᠦ ᠪᠠᠲᠤᠯᠠᠪᠠ᠃    ︵ᠲᠦᠷᠪᠡ︶ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠪᠠ‌ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠳᠠ ᠦᠭᠡᠢ ᠳᠡᠭᠡᠭᠰᠢᠯᠡᠪᠡ    ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠦᠴᠦᠲᠡᠢ ᠪᠠᠲᠤᠯᠠᠪᠠ᠃ ᠡᠳ᠋ ᠤᠨ ᠵᠠᠰᠠᠭ ᠤᠨ ᠬᠦᠴᠢᠷᠳᠡᠯ ᠢ ᠢᠯᠠᠨ ᠳᠠᠪᠠᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 70%᠎ ᠠᠴᠠ ᠳᠡᠭᠡᠭᠰᠢᠬᠢ ᠶᠢ ᠡᠵᠡᠯᠡᠪᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠵᠤ᠂ 1090 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ 3898 ᠬᠥᠮᠦᠨ ᠳᠤ ᠰᠢᠨ᠎ᠡ ᠪᠠᠷ ᠠᠵᠢᠯ ᠤᠯᠭᠤᠪᠠ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.7%᠎ ᠪᠠᠷ ᠬᠢᠵᠠᠭᠠᠷᠯᠠᠵᠤ᠂ ᠠᠵᠢᠯ ᠠᠴᠠ ᠪᠠᠭᠤᠵᠤ ᠠᠵᠢᠯ ᠠᠯᠳᠠᠭᠰᠠᠳ᠂ ᠬᠦᠴᠢᠷᠳᠡᠯ ᠲᠠᠢ ᠬᠥᠮᠦᠰ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠤᠯᠭᠤᠯᠲᠠ ᠶᠢ ᠪᠠᠲᠤᠯᠠᠪᠠ᠃ ᠠᠯᠪᠠᠨ ᠪᠠᠶᠢᠭᠤᠯᠭ᠎ᠠ ᠠᠵᠢᠯ ᠤᠶᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ‍ᠤᠨ‌‍ᠲ᠋ᠦ᠋ᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠦᠷᠢᠮ ᠡᠴᠠ‌ᠠᠵᠢᠯᠳᠠᠨ ᠳ᠋ᠤ᠋‌‍ᠬᠦ᠋ᠷᠲᠡᠯ᠎ᠡ‌ᠨᠡᠶᠢᠳᠡᠮ‌ᠬᠠᠮᠤᠷᠬᠤ ᠶᠢ ᠪᠡᠶᠡᠯᠡᠭᠦᠯᠪᠡ᠃ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠨᠥᠬᠦᠪᠥᠷᠢ ᠶᠢ 3340 ᠭᠠᠷᠤᠶ ᠲᠦᠮᠡᠨ ᠲᠥᠭᠦᠷᠢᠭ ᠲᠠᠷᠬᠠᠭᠠᠪᠠ᠃ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠦᠷᠢᠶ᠎ᠡ‌‍ᠳᠤ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠳᠥᠯᠥᠬᠦ ᠶᠠᠪᠤᠴᠠ ᠶᠢ ᠨᠠᠩ ᠰᠢᠨᠵᠢᠯᠡᠬᠦ ᠤᠬᠠᠭᠠᠨᠴᠢ ᠪᠥᠭᠡᠳ ᠳᠥᠭᠦᠮ ᠳᠥᠲᠡ ᠪᠣᠯᠭᠠᠨ᠎ᠠ᠃ ᠬᠥᠯᠥᠰᠥᠨ ᠠᠵᠢᠯᠴᠢᠨ ᠤ ᠴᠠᠯᠢᠩ ᠢ 4530 ᠭᠠᠷᠤᠶ ᠲᠦᠮᠡᠨ ᠲᠥᠭᠦᠷᠢᠭ‌ᠦᠭᠴᠦ᠂ ᠵᠠᠰᠠᠭ ᠤᠨ ᠣᠷᠳᠣᠨ ᠵᠢᠴᠢ ᠤᠯᠤᠰ  ᠤᠨ ᠥᠮᠴᠢᠯᠡᠯ ᠤᠨ ᠠᠵᠤ ᠠᠬᠤᠶᠢᠯᠠᠯ ᠤᠨ ᠲᠥᠷᠥᠯ ᠵᠤᠶᠢᠯ ᠤᠨ ᠥᠷᠢᠲᠦᠵᠦ ᠪᠠᠶᠢᠭ᠎ᠠ ᠴᠠᠯᠢᠩ ᠢ ᠲᠡᠭᠰᠢᠷᠡᠭᠦᠯᠪᠡ᠃ ︽ᠪᠤᠴᠠᠵᠤ ᠨᠡᠭᠦᠬᠦ ᠳᠤ ᠬᠦᠴᠢᠷ︾ ︽ᠣᠷᠣᠵᠤ ᠰᠠᠭᠤᠬᠤ ᠳᠤ ᠬᠦᠴᠢᠷ︾ ︽ᠦᠨᠡᠮᠯᠡᠯ ᠭᠦᠢᠴᠠᠤᠡᠭᠡᠬᠦ ᠳᠤ ᠬᠦᠴᠢᠷ︾ ᠠᠰᠠᠭᠤᠳᠠᠯ ᠢ ᠰᠢᠢᠤᠡᠪᠤᠷᠢᠯᠡᠬᠦ  ᠶᠢ ᠪᠦᠲᠦᠮᠵᠢᠲᠡᠶ ᠠᠬᠢᠭᠤᠯᠵᠤ᠂ 5 ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠲᠥᠪᠬᠢᠨᠡᠭᠦᠯᠬᠦ ᠣᠷᠣᠨ ᠤ ᠲᠥᠷᠥᠯ ᠵᠦᠢᠯ ᠤᠨ ᠭᠤᠣᠯ ᠴᠤᠭᠴᠠ ᠪᠠᠷᠢᠯᠭ᠎ᠠ ᠳᠠᠭᠤᠰᠴᠤ᠂ 9 ᠠᠰᠠᠭᠤᠳᠠᠯ ᠲᠠᠢ ᠠᠰᠠᠷ ᠤᠨ ᠪᠠᠷᠢᠯᠭ᠎ᠠ ᠶᠢ ᠪᠦᠬᠦ ᠲᠠᠯ᠎ᠠ ᠪᠠᠷ ᠰᠡᠷᠭᠦᠭᠡᠬᠦ ᠶᠢᠨ ᠬᠠᠮᠲᠤ 1170 ᠢᠵᠢ ᠭᠡᠷ ᠪᠠᠶᠢᠰᠢᠩ ᠲᠤᠰᠢᠶᠠᠨ ᠥᠭᠬᠦ ᠶᠢ ᠬᠠᠤᠯᠢ ᠶᠣᠰᠣᠭᠠᠷ ᠬᠦᠴᠦᠲᠡᠶ ᠲᠦᠯᠬᠢᠨ ᠠᠬᠢᠭᠤᠯᠵᠤ᠂ 700 ᠭᠠᠷᠤᠶ ᠡᠷᠦᠬᠡ ᠰᠠᠭᠤᠭᠠᠯᠢ ᠠᠷᠠᠳ ᠢ ᠲᠣᠬᠢᠲᠠᠶ ᠪᠤᠴᠠᠭᠠᠨ ᠲᠥᠪᠬᠢᠨᠡᠭᠦᠯᠵᠡᠶ᠃ 3.74 ᠲᠦᠮᠡᠨ ᠡᠷᠦᠬᠡ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠠᠩᠬ᠎ᠠ ᠤᠳᠠᠭ᠎ᠠ ᠳᠠᠩᠰᠠᠯᠠᠭᠤᠯᠪᠠ᠃    ᠰᠤᠷᠭᠠᠨ ᠬᠥᠮᠦᠵᠢᠯ ᠡᠮ ᠡᠮᠨᠡᠯᠭᠡ ᠶᠢᠨ ᠬᠢᠷᠢ ᠲᠦᠪᠰᠢᠨ ᠳᠡᠭᠡᠭᠰᠢᠯᠡᠪᠡ᠃ 1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠤ᠂ ᠬᠤᠶᠠᠷ ᠵᠢᠵᠢᠭ ᠶᠡᠷᠦᠩᠬᠡᠶᠢᠯᠡᠭᠰᠡᠨ‌ᠠᠰᠠᠷ‌ᠵᠡᠷᠭᠡ‌‍ᠲ᠋ᠥ᠋ᠷᠥᠯ‌ᠵᠦ᠋ᠢᠯ ᠢ‌ᠦᠨᠳᠦᠰᠦᠨ ᠳ᠋ᠡᠭᠡᠨ‌‍ᠪᠠᠶᠢᠭᠤᠯᠵᠤ ᠡᠯ᠎ᠡ ᠲᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠰᠠᠭᠤᠷᠢ ᠰᠡᠯᠪᠢᠨ ᠵᠠᠰᠠᠯᠲᠠ ᠵᠡᠷᠭᠡ ᠲᠥᠷᠥᠯ ᠵᠤᠶᠢᠯ᠊ ᠢ ᠯᠠᠪᠳᠠᠭᠤᠨ ᠢᠶᠠᠷ ᠠᠬᠢᠭᠤᠯᠪᠠ︔ ᠵᠢᠶᠠᠨ ᠱᠧ ᠬᠤᠶᠢᠲᠤ ᠵᠠᠮ ᠤᠨ ᠪᠠᠷᠠᠭᠤᠨ ᠬᠡᠰᠡᠭ ᠤᠨ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠪᠢᠨ ᠾᠧ ᠶᠢᠨ ᠬᠤᠶᠠᠷ ᠨᠢᠯᠬ᠎ᠠ ᠬᠡᠤᠬᠡᠳ ᠤᠨ ᠴᠡᠴᠡᠷᠯᠢᠭ ᠵᠡᠷᠭᠡ 4 ᠬᠡᠤᠬᠡᠳ ᠤᠨ ᠴᠡᠴᠡᠷᠯᠢᠭ ᠤᠳᠠᠯ ᠥᠬᠡᠶ ᠪᠠᠷᠢᠯᠭ᠎ᠠ ᠳᠠᠭᠤᠰᠴᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ93% ᠬᠦᠷᠴᠡᠶ᠃ ᠤᠯᠤᠰ ᠤᠨ  ᠬᠠᠷᠠᠯᠲᠠ ᠳᠤ ᠨᠢᠭᠡ ᠵᠢᠯ ᠤᠷᠢᠳᠴᠢᠯᠠᠨ ᠬᠦᠷᠴᠠᠢ᠃ ᠭᠠᠳᠠᠨ᠎ᠠ ᠣᠷᠣᠨ ᠤ ᠨᠡᠷᠡᠲᠦ ᠶᠡᠭᠡ ᠳᠡᠭᠡᠳᠤ ᠰᠤᠷᠭᠠᠭᠤᠯᠢ ᠳᠤ ᠬᠦᠷᠴᠦ 84 ᠰᠤᠷᠭᠠᠨ ᠬᠥᠮᠦᠵᠢᠯ ᠤᠨ ᠴᠢᠳᠠᠪᠤᠷᠢᠲᠠᠨ ᠣᠷᠣᠭᠤᠯᠤᠨ ᠠᠪᠴᠢᠷᠠᠵᠤ᠂ ᠦᠪᠤᠷ ᠮᠤᠩᠭᠤᠯ  ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠠᠳᠤᠯᠭ᠎ᠠ ᠶᠢᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠵᠤ᠂ ᠦᠬᠠᠶ ᠾᠧᠩᠱᠢ ᠠᠷᠠᠳ ᠠᠴᠠ ᠡᠷᠬᠢᠯᠡᠭᠰᠡᠨ ᠳᠤᠮᠳᠠᠳᠤ ᠰᠤᠷᠭᠠᠭᠤᠯᠢ ᠤᠷᠤᠭᠰᠢᠲᠠᠢ ᠪᠠᠷ ᠰᠤᠷᠭᠠᠭᠤᠯᠢ ᠡᠬᠢᠯᠡᠵᠡᠶ᠃ ᠰᠤᠷᠭᠠᠨ ᠬᠥᠮᠦᠵᠢᠯ ᠤᠨ ᠱᠠᠩᠨᠠᠯ  ᠤᠨ ᠰᠠᠭᠤᠷᠢ ᠮᠥᠩᠭᠦ ᠶᠢᠨ ᠬᠡᠪᠴᠢᠶ᠎ᠡ 4200 ᠲᠦᠮᠡᠨ ᠲᠥᠭᠦᠷᠢᠭ ᠪᠣᠯᠤᠨ ᠬᠦᠭᠵᠢᠵᠦ᠂ ᠰᠤᠷᠭᠠᠨ ᠬᠥᠮᠦᠵᠢᠯ ᠤᠨ ᠠᠮᠢᠵᠢᠷᠠᠯ ᠤᠨ ᠬᠦᠴᠦᠨ ᠤᠯᠠᠮ ᠨᠢᠭᠡ ᠠᠯᠬᠤᠮ ᠬᠥᠭᠵᠢᠪᠡ᠃ ᠬᠠᠶᠢᠷᠤᠪ ᠤᠨ ᠲᠤᠬᠤᠢ ᠲᠤᠭᠤᠷᠢᠭ  ᠤᠨ  ᠨᠢᠭᠡᠳᠦᠭᠡᠷ ᠬᠡᠦᠬᠡᠳ ᠤᠨ ᠴᠡᠴᠡᠷᠯᠢᠭ᠂ ᠬᠤᠶᠠᠳᠤᠭᠠᠷ ᠬᠡᠦᠬᠡᠳ ᠤᠨ ᠴᠡᠴᠡᠷᠯᠢᠭ ᠨᠢ ᠰᠤᠷᠭᠠᠨ ᠬᠥᠮᠦᠵᠢᠯ ᠤᠨ ᠶᠠᠮᠤᠨ‌‍ᠳᠤ ︽ᠪᠥᠬᠦ ᠤᠯᠤᠰ ᠤᠨ ᠬᠥᠯ ᠪᠥᠮᠪᠦᠭᠡ ᠶᠢᠨ ᠣᠨᠴᠠᠯᠢᠭᠲᠤ ᠬᠡᠤᠬᠡᠳ ᠤᠨ ᠴᠡᠴᠡᠷᠯᠢᠭ︾ ᠬᠡᠮᠡᠭᠳᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠬᠠᠷᠢᠶᠠᠲᠤ ᠠᠰᠠᠷ ᠤᠨ ᠭᠤᠣᠯ ᠴᠣᠭᠴᠠ ᠶᠢᠨ ᠠᠵᠢᠯ ᠳᠠᠭᠤᠰᠴᠤ᠂ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷᠢᠯᠭ᠎ᠠ ᠶᠢᠨ ᠭᠠᠵᠠᠷ ᠰᠣᠩᠭᠤᠬᠤ ᠠᠵᠢᠯ ᠢ ᠪᠡᠶᠡᠯᠡᠭᠦᠯᠵᠦ᠂ ᠹᠧᠩ ᠬᠤᠸᠠᠩ ᠯᠢᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠠᠶ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠰᠠᠭᠤᠷᠢ ᠶᠢ ᠨᠠᠩ ᠪᠠᠬᠢᠵᠢᠭᠦᠯᠦᠨ᠎ᠡ᠃ ᠭᠡᠷ ᠪᠦᠯᠢ  ᠶᠢᠨ ᠡᠮᠴᠢ ᠶᠢᠨ ᠭᠡᠷ᠎ᠡ ᠲᠣᠭᠲᠠᠭᠰᠠᠨ ᠤᠶᠢᠯᠡᠴᠢᠯᠡᠭᠡᠨ ᠤ ᠪᠦᠷᠬᠦᠴᠡ 32% ᠬᠦᠷᠴᠡᠶ᠃ ᠣᠯᠠᠨ ᠲᠦᠮᠡᠨ ᠡᠪᠡᠳᠴᠢᠨ ᠦᠵᠡᠭᠦᠯᠬᠦ ᠳᠤ ᠨᠠᠩ ᠳᠥᠭᠦᠮ ᠳᠥᠲᠡ ᠪᠣᠯᠪᠠ᠃ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠥᠪᠥᠷ ᠮᠣᠩᠭᠤᠯ ᠤᠨ ᠡᠮᠨᠡᠯᠭᠡ ᠶᠢᠨ ᠶᠡᠭᠡ‌‍ᠰᠤᠷᠭᠠᠭᠤᠯᠢ᠂ ᠪᠡᠭᠡᠵᠢᠩ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠲᠤᠷᠠᠯᠴᠠᠭ᠎ᠠ ᠨᠠᠩ‌‍ᠭᠦ᠋ᠨᠵᠡᠭᠡᠶᠢᠷᠡᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠷᠡᠲᠦ ᠠᠬᠠᠮᠠᠳ ᠬᠢᠲᠠᠳ ᠡᠮᠨᠡᠯᠭᠡ ᠶᠢᠨ ᠠᠵᠢᠯ ᠤᠨ ᠲᠠᠰᠤᠭ ᠪᠠᠶᠢᠭᠤᠯᠵᠤ᠂ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠣᠨᠣᠰᠢᠯᠠᠨ ᠡᠮᠨᠡᠬᠦ ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠲᠡᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠨ ᠥᠷᠨᠢᠵᠦ᠂ ᠰᠢᠨ᠎ᠡ‌‍ᠲ᠋ᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠵᠡᠷᠭᠡ ᠲᠣᠮᠣ ᠬᠡᠯᠪᠡᠷᠢ ᠶᠢᠨ ᠰᠤᠶᠤᠯ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠵᠦ᠂ ᠬᠠᠶᠢᠷᠤᠪ ᠤᠨ ᠲᠣᠬᠤᠢ‌‍ᠲ᠋ᠤᠭᠤᠷᠢᠭ  ᠤᠨ ᠤᠯᠠᠭᠠᠨᠮᠥ᠋ᠴᠢᠷ ᠨᠢ‌ᠦᠨᠳᠦᠰᠦᠨ ᠱᠠᠲᠤᠨ ᠳᠤ ᠭᠦᠨᠵᠡᠭᠡᠶᠢᠷᠡᠨ 150 ᠭᠠᠷᠤᠶ ᠲᠠᠯᠠᠪᠠᠢ ᠲᠣᠭᠯᠠᠯᠲᠠ ᠭᠠᠷᠭᠠᠵᠤ᠂ ᠡᠯ᠎ᠡ ᠰᠣᠶᠣᠯ ᠲᠠᠮᠢᠷ ᠤᠨ ᠲᠠᠯᠠᠪᠤᠷ  ᠰᠤᠶᠢᠤᠡᠭᠡᠯ ᠬᠤᠷᠢᠶᠠᠬᠤ ᠦᠭᠡᠢ ᠪᠠᠷ ᠬᠤᠲᠠ ᠶᠢᠨ ᠠᠷᠠᠳ ᠢ 17 ᠲᠦᠮᠡᠨ ᠬᠦᠮᠤᠨ ᠤᠳᠠᠭ᠎ᠠ ᠬᠦᠯᠢᠶᠡᠨ ᠠᠪᠴᠠᠶ᠃    ᠨᠡᠶᠢᠭᠡᠮ ᠤᠨ ᠣᠷᠴᠢᠨ ᠲᠣᠭᠤᠷᠢᠨ ᠤ ᠠᠮᠤᠷ ᠲᠦᠪᠰᠢᠨ ᠲᠣᠭᠲᠠᠭᠤᠨ᠃ ᠠᠶᠤᠯᠭᠦᠶ‌ᠤᠶᠢᠯᠡᠤᠡᠪᠤᠷᠢᠯᠡᠯ ᠢ ᠢᠮᠠᠭᠲᠠ ᠴᠥᠬᠦᠷᠡᠰᠢ ᠦᠭᠡᠢ ᠠᠳᠬᠤᠵᠤ᠂ 202 ᠵᠤᠶᠢᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠤᠶᠢᠯᠡᠤᠡᠪᠤᠷᠢᠯᠡᠯ ᠤᠨ ᠰᠢᠪᠠᠳᠠᠨ ᠪᠠᠶᠢᠴᠠᠭᠠᠬᠤ ᠲᠤᠭᠤᠶᠢᠯᠠᠩ ᠤᠨ ᠰᠢᠯᠵᠢᠭᠦᠯᠦᠨ ᠰᠢᠢᠤᠡᠪᠤᠷᠢᠯᠡᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ 4400 ᠭᠠᠷᠤᠶ ᠵᠤᠶᠢᠯ ᠤᠨ ᠥᠪᠡᠰᠦᠪᠡᠨ ᠪᠠᠶᠢᠴᠠᠭᠠᠬᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠬᠦᠨᠳᠦ ᠣᠨᠴᠠ ᠶᠡᠭᠡ ᠡ᠊ᠨᠳᠡᠯ ᠦᠷᠭᠦᠯᠵᠢᠯᠡᠨ ︽ᠨᠢᠭᠡ ᠴᠦ ᠭᠠᠷᠤᠭᠰᠠᠨ ᠦᠭᠡᠢ︾ ᠪᠠᠶᠢᠬᠤ ᠶᠢ ᠪᠠᠲᠤᠯᠠᠪᠠ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠨᠠᠷᠢᠯᠢᠭᠵᠢᠭᠤᠯᠤᠨ ᠬᠢᠨᠠᠨ ᠬᠠᠮᠢᠶᠠᠷᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠷᠣᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠣᠯᠭᠤᠮᠵᠢ ᠶᠢ ᠪᠦᠲᠦᠮᠵᠢᠲᠡᠢ ᠪᠠᠲᠤᠯᠠᠵᠤ᠂ ᠰᠠᠷ᠎ᠠ ᠶᠢᠨ ᠳᠤᠮᠳᠠᠴᠢ ᠴᠠᠯᠢᠩ 800 ᠲᠥᠭᠦᠷᠢᠭ‌ᠨᠡᠮᠡᠭᠳᠡᠪᠡ᠃ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠤᠡᠪᠤᠷᠢᠯᠡᠪᠡ᠃   ︵ᠲᠠᠪᠤ︶ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠪᠠ    ᠭᠤᠤᠯᠳᠠᠯᠭ᠎ᠠ ᠲᠠᠢ ᠥᠭᠡᠷᠡᠴᠢᠯᠡᠯᠲᠡ ᠵᠢᠨ‌ᠵᠦ᠋ᠢᠯᠡᠰ ᠢ ᠯᠠᠪᠳᠠᠭᠤᠨ ᠢᠶᠠᠷ ᠠᠬᠢᠭᠤᠯᠪᠠ᠃ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠴᠢᠩᠭ᠎ᠠ ᠠᠳᠬᠤᠵᠤ᠂ 102 ᠵᠦᠢᠯ ᠤᠨ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠠᠯᠡᠭᠦᠯᠵᠤ᠂ ᠳᠦᠷᠢᠮ ᠤᠨ ᠴᠢᠨᠠᠷᠲᠠᠢ ᠦᠷ᠎ᠡ ᠪᠦᠲᠦᠭᠡᠯ 7 ᠵᠦᠢᠯ ᠢ ᠪᠦᠷᠢᠯᠳᠦᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠳᠦᠷᠢᠮ  ᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠰᠢᠭᠦᠨ ᠲᠠᠰᠤᠯᠤᠯᠲᠠ ᠳᠤ ᠬᠤᠯᠪᠣᠭᠳᠠᠭᠰᠠᠨ 26 ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ ᠰᠠᠭᠤᠪᠠ᠃ ᠰᠦᠯᠵᠢᠶᠡᠨ ᠳᠡᠭᠡᠷ᠎ᠡ 461 ᠵᠦᠢᠯ ᠤᠨ ᠤᠴᠢᠷ ᠶᠠᠪᠤᠳᠠᠯ ᠢ ᠰᠢᠢᠤᠡᠪᠤᠷᠢᠯᠡᠵᠤ᠂ 102 ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠤᠶᠢᠯᠡᠴᠢᠯᠡᠭᠡᠨ ᠤ ᠵᠤᠶᠢᠯᠡᠰ ᠢ ᠨᠢᠭᠡ ᠤᠳᠠᠭ᠎ᠠ ᠬᠦᠶᠤᠯᠭᠡᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠭᠦᠯᠵᠦ᠂ ᠡᠯ᠎ᠡ ᠲᠥᠷᠥᠯ ᠤᠨ ᠪᠡᠯᠡ ᠣᠷᠣᠭᠤᠯᠤᠯᠲᠠ ᠶᠢᠨ ᠲᠥᠷᠥᠯ ᠵᠤᠶᠢᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠵᠠᠭᠤᠨ ᠡᠳᠦᠷ ᠤᠨ ᠳᠣᠲᠣᠷ᠎ᠠ ᠪᠣᠭᠤᠨᠢᠰᠬᠠᠵᠤ᠂ ᠠᠵᠤ ᠠᠬᠤᠶᠢᠯᠠᠯ ᠡᠷᠬᠢᠯᠡᠬᠦ ᠴᠠᠭ  ᠢ 3 ᠠᠵᠢᠯᠯᠠᠬᠤ ᠡᠳᠦᠷ ᠪᠣᠯᠭᠠᠨ ᠪᠠᠭᠠᠰᠬᠠᠨ᠎ᠠ᠃ ᠭᠠᠶᠢᠯᠢ ᠬᠥᠩᠭᠡᠯᠡᠵᠦ ᠰᠦᠢᠤᠡᠭᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ ᠪᠦᠷᠢᠯᠳᠦᠬᠦᠨ‌‍ᠰᠠᠯᠠᠭ᠎ᠠ  ᠮᠥᠴᠢᠷ ᠢ 23 ᠪᠣᠯᠭᠠᠨ ᠰᠢᠯᠢᠳᠡᠭᠵᠢᠭᠦᠯᠵᠦ᠂ 7 ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠨᠠᠩ ᠥᠨᠳᠥᠷ ᠪᠦᠲᠦᠮᠵᠢᠲᠡᠶ᠂ ᠵᠢᠷᠤᠮᠵᠢᠯ ᠲᠠᠢ ᠪᠣᠯᠭᠠᠨ᠎ᠠ᠃ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠪᠤᠨ ᠵᠢᠯ ᠤᠨ ᠲᠦᠯᠤᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠴᠤ᠂ ᠵᠢᠭᠠᠨ ᠰᠤᠳᠤᠯᠬᠤ ᠲᠠᠰᠤᠭ ᠤᠨ ᠥᠭᠡᠷᠡᠴᠢᠯᠡᠯᠲᠡ ᠤᠷᠤᠭᠰᠢᠲᠠᠶ ᠪᠡᠶᠡᠯᠡᠭᠳᠡᠵᠡᠶ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ ᠬᠤᠷᠢᠶᠠᠨ ᠤ ᠳᠡᠳ᠋ ᠳᠠᠷᠤᠭ᠎ᠠ ᠥᠷᠢᠰᠦᠯᠳᠦᠨ ᠤᠷᠢᠬᠤ ᠪᠠ ᠡᠮᠴᠢᠯᠡᠭᠡᠨ ᠤ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠡᠬᠢᠯᠡᠭᠦᠯᠤᠨ  ᠬᠡᠷᠡᠭᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠪᠠᠷ ᠲᠦᠷᠦᠭᠦᠯᠡᠭᠦᠯᠦᠭᠰᠡᠨ ᠣᠳᠣ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠤᠶᠢᠯᠡᠤᠡᠪᠤᠷᠢ ᠶᠢᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠮᠵᠢᠯᠲᠠ ᠲᠠᠢ ᠪᠠᠶᠢᠭᠤᠯᠤᠭᠳᠠᠵᠠᠶ᠃ ᠪᠦᠬᠦ ᠤᠯᠤᠰ ᠎ ᠤᠨ ᠠᠩᠬᠠᠳᠠᠭᠴᠢ ᠪᠣᠬᠢᠷᠲᠤᠯ ᠦᠭᠡᠢ ᠲᠣᠭᠲᠠᠮᠠᠯ ᠰᠣᠷᠢᠨᠵᠢᠨ ᠳᠠᠮᠵᠢᠭᠤᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠎ ᠢ ᠪᠠᠶᠢᠭᠤᠯᠵᠤ᠂ ᠤᠯᠤᠰ ᠎ ᠎ ᠤᠨ ᠲᠡᠰ ᠤᠨ ᠳᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ 16 ᠪᠣᠯᠵᠤ᠂ ᠥᠪᠡᠷᠲᠡᠭᠡᠨ‌ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 7᠎ ᠎ ᠳᠤ ᠬᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 24 ᠲᠥᠷᠥᠯ ᠵᠤᠶᠢᠯ ᠳᠤ 805 ᠲᠦᠮᠡᠨ ᠲᠥᠭᠦᠷᠢᠭ ᠤᠨ ᠪᠡᠯᠡ ᠮᠥᠩᠭᠦ ᠣᠯᠵᠤ ᠥᠭᠪᠡ᠃ ᠮᠡᠷᠭᠡᠵᠢᠯ ᠤᠨ ᠭᠡᠷ᠎ᠡ ᠶᠢ ᠰᠢᠯᠵᠢᠭᠦᠯᠦᠨ ᠥᠭᠭᠦᠭᠰᠡᠨ ᠠᠷᠠᠯᠵᠢᠶ᠎ᠠ ᠪᠦᠲᠦᠭᠰᠡᠨ ᠲᠤᠭ᠎ᠠ 2500 ᠲᠦᠮᠡᠨ ᠲᠥᠭᠦᠷᠢᠭ ᠲᠤ ᠬᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠭᠤᠷ ᠠᠮᠢᠰᠬᠤᠯ ᠡᠳᠦᠷ ᠢᠷᠡᠬᠦᠶ᠎ᠡ ᠭᠦᠨ ᠵᠤᠵᠠᠭᠠᠨ ᠪᠣᠯᠪᠠ᠃   ︵ᠵᠢᠷᠭᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠥᠬᠡᠶ ᠴᠢᠩᠭᠠᠷᠠᠪᠠ    ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡᠨ ᠤᠬᠠᠮᠰᠠᠷ︾᠎ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠣᠯᠠᠨ ᠲᠦᠮᠡᠨ ᠳᠤ ᠬᠤᠯᠪᠣᠭᠳᠠᠬᠤ 253 ᠬᠦᠴᠢᠷ ᠠᠰᠠᠭᠤᠳᠠᠯ ᠢ ᠰᠢᠢᠤᠡᠪᠤᠷᠢᠯᠡᠵᠤ᠂ 160 ᠭᠠᠷᠤᠶ ᠵᠤᠷᠪᠤᠰ ᠠᠰᠠᠭᠤᠳᠠᠯ ᠢ ᠪᠠᠶᠢᠴᠠᠭᠠᠨ ᠦᠵᠡᠵᠦ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ 17 ᠵᠦᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠬᠤᠪᠢᠷᠠᠭᠤᠯᠵᠤ᠂ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯᠯᠠᠬᠤ ᠡᠷᠬᠡ ᠶᠢ ᠪᠠᠲᠤ ᠡᠵᠡᠮᠰᠢᠨ᠎ᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠭᠦᠨᠵᠡᠭᠡᠶᠢᠷᠡᠨ ᠠᠬᠢᠪᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠰᠡᠨ ᠲᠣᠭᠲᠠᠭᠠᠯ  ᠢ  ᠴᠢᠩᠭ᠎ᠠ ᠨᠠᠶᠢᠳᠠᠪᠤᠷᠢᠵᠢᠭᠤᠯᠬᠤ᠂ ︽ᠳᠥᠷᠪᠡᠨ ᠰᠤᠷᠲᠠᠯ︾᠎ ᠢ ᠡᠷᠡᠰ ᠭᠤᠶᠢᠪᠢᠰᠢ ᠦᠭᠡᠢ ᠵᠠᠯᠠᠷᠠᠭᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠪᠠ ︽ᠲᠦᠷᠪᠡᠨ ᠨᠣᠶᠠᠨ︾᠎ ᠤ ᠠᠰᠠᠭᠤᠳᠠᠯ ᠢ ᠪᠦᠲᠦᠮᠵᠢᠲᠡᠶ ᠪᠠᠷ ᠬᠤᠷᠢᠭᠯᠠᠵᠤ᠂ ᠺᠠᠳ᠋ᠷ ᠤᠨ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ ᠢ ᠨᠡᠩ ᠵᠢᠷᠤᠮᠵᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠪᠠ᠃ ᠦᠨᠳᠦᠰᠦᠨ ᠬᠠᠤᠯᠢ ᠪᠠ ᠡᠯ᠎ᠡ ᠵᠤᠶᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠷᠠᠳ ᠎ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠤᠡᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 248 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠪᠦᠬᠦᠨ ᠢ ᠰᠢᠢᠤᠡᠪᠤᠷᠢᠯᠡᠵᠤ ᠬᠠᠷᠢᠭᠤᠯᠲᠠ ᠥᠭᠪᠡ᠃ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠨᠡᠩ ᠵᠢᠷᠤᠮᠵᠢᠭᠤᠯᠤᠨ᠎ᠠ᠃ ︽ᠵᠠᠰᠠᠭ ᠤᠨ ᠣᠷᠳᠣᠨ ᠤ ᠠᠵᠢᠯ ᠤᠨ ᠳᠦᠷᠢᠮ︾᠎ ᠢ ᠵᠠᠰᠠᠨ ᠲᠡᠭᠦᠯᠳᠡᠷᠵᠢᠭᠦᠯᠵᠦ᠂ ᠬᠡᠷᠡᠭ ᠵᠥᠪᠯᠡᠬᠦ ᠪᠠᠶᠢᠭᠤᠯᠤᠮᠵᠢ ᠶᠢ ᠤᠯᠠᠮ ᠨᠢᠭᠡ ᠠᠯᠬᠤᠮ ᠴᠣᠮᠬᠠᠳᠬᠠᠨ᠂ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠵᠡᠷᠭᠡ9 ᠭᠤᠤᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠵᠢ‌ᠵᠢᠷᠤᠮᠵᠢᠭᠤᠯᠬᠤ ᠶᠢᠨ ᠬᠠᠮᠲᠤ ᠢᠯᠡ ᠪᠣᠯᠭᠠᠵᠤ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠭᠦᠢᠴᠠᠤᠡ  ᠪᠠᠲᠤᠯᠠᠪᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠎ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠲᠡᠭᠦᠰ ᠠᠮᠵᠢᠯᠲᠠ ᠲᠠᠢ ᠪᠡᠶᠠᠯᠡᠭᠳᠡᠪᠡ᠃ ᠦᠨᠳᠦᠰᠦᠲᠡᠨ ᠤ ᠠᠵᠢᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠡᠮᠡᠭᠲᠡᠶᠢᠴᠦᠳ ᠬᠡᠦᠬᠡᠳ᠂ ᠳᠠᠩᠰᠠ ᠡᠪᠬᠡᠮᠡᠯ ᠲᠡᠦᠬᠡ ᠲᠡᠮᠲᠡᠭᠯᠡᠯ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃    ᠲᠥᠯᠥᠭᠡᠯᠡᠭᠴᠢᠳ ᠡ᠂ 2019 ᠣᠨ ᠢ ᠡᠷᠭᠢᠴᠡᠭᠦᠯᠪᠡᠯ᠂ ᠪᠢᠳᠡ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠳᠡᠪᠬᠢᠲᠡᠢ ᠢᠯᠠᠨ ᠳᠠᠪᠠᠵᠤ᠂ ᠡᠯ᠎ᠡ ᠵᠦᠢᠯ ᠤᠨ ᠰᠢᠯᠭᠠᠯᠲᠠ ᠶᠢ ᠠᠷᠭᠠᠴᠠᠵᠤ᠂ ᠡᠯ᠎ᠡ ᠵᠦᠢᠯ ᠤᠨ ᠠᠰᠠᠭᠤᠳᠠᠯ ᠢ ᠰᠢᠢᠤᠡᠪᠤᠷᠢᠯᠡᠵᠤ᠂ ᠠᠵᠤ ᠠᠬᠤᠶ ᠨᠡᠶᠢᠭᠡᠮ ᠤᠨ ᠤᠶᠢᠯᠡᠰ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠯᠢᠶᠡᠳ ᠰᠠᠶᠢᠨ ᠠᠮᠵᠢᠯᠲᠠ ᠤᠯᠪᠠ᠃ ᠡᠨᠡ ᠪᠣᠯ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠪᠠᠶᠢᠭ᠎ᠠ ᠶᠠᠪᠤᠳᠠᠯ ᠪᠣᠯᠤᠨ᠎ᠠ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠪᠠ ᠲᠤᠭᠤᠷᠢᠭ  ᠤᠨ ᠨᠠᠮ ᠤᠨ ᠬᠤᠷᠢᠶᠠᠨ ᠤ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠦᠷ᠎ᠡ ᠳ᠋ᠦᠩ᠂ ᠪᠥᠬᠦ ᠲᠤᠭᠤᠷᠢᠭ ᠎ ᠤᠨ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠶ ᠠᠵᠢᠭᠯᠠᠭᠰᠠᠨ ᠤ ᠦᠷ᠎ᠡ ᠳ᠋ᠦᠩ ᠪᠣᠯᠤᠨ᠎ᠠ᠃ ᠠᠳᠡ ᠪᠢ ᠲᠤᠭᠤᠷᠢᠭ  ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ᠂ ᠪᠥᠬᠦ ᠲᠤᠭᠤᠷᠢᠭ  ᠤᠨ ᠥᠷᠭᠡᠨ ᠣᠯᠠᠨ ᠺᠠᠳ᠋ᠷ ᠣᠯᠠᠨ ᠲᠦᠮᠡᠨ᠂ ᠬᠠᠶᠢᠷᠤᠪ ᠤᠨ ᠲᠣᠬᠤᠢ ᠲᠤᠭᠤᠷᠢᠭ  ᠤᠨ ᠬᠥᠭᠵᠢᠯᠲᠡ ᠶᠢ ᠲᠡᠮᠵᠢᠵᠤ  ᠪᠠᠶᠢᠭ᠎ᠠ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠤ  ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕    ᠲᠥᠯᠥᠭᠡᠯᠡᠭᠴᠢᠳ ᠡ᠂ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ ᠪᠢᠳᠡ ᠪᠠᠰᠠ ᠰᠡᠷᠭᠡᠭ ᠢᠶᠠᠷ ᠲᠠᠨᠢᠵᠤ ᠣᠯᠪᠠ᠃ ᠤᠯᠤᠰ ᠎ ᠤᠨ  ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠥᠯᠳᠦᠭᠡᠨ ᠢᠯᠡᠳᠲᠡ ᠳᠡᠭᠡᠭᠰᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠲᠡᠩᠴᠡᠭᠦᠷᠢ ᠦᠭᠡᠢ ᠭᠦᠢᠴᠠᠤᠡ ᠦᠭᠡᠢ ᠪᠠᠶᠢᠬᠤ ᠠᠰᠠᠭᠤᠳᠠᠯ ᠮᠥᠨ ᠨᠡᠯᠢᠶᠡᠳ ᠲᠤᠪᠤᠶᠢᠮ᠎ᠠ  ᠪᠠᠶᠢᠨ᠎ᠠ᠄ ᠵᠢᠱᠢᠶᠡᠯᠡᠪᠡᠯ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠭᠦᠷᠭᠡ ᠮᠥᠨ ᠯᠡ ᠬᠠᠲᠠᠭᠤ ᠪᠡᠷᠬᠡ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠠᠷᠤᠯᠲᠠ ᠪᠠᠰᠠ ᠲᠦᠢᠯ ᠤᠨ ᠯᠤᠲᠤ ᠶᠡᠭᠡ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠰᠠ ᠳᠤᠲᠠᠭᠤᠳᠠᠯ ᠪᠠ ᠠᠰᠠᠭᠤᠳᠠᠯ ᠣᠷᠣᠰᠢᠵᠤ ᠪᠠᠶᠢᠨ᠎ᠠ︔ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠪᠠᠰᠠ ᠲᠠᠰᠤᠷᠠᠯᠲᠠ ᠥᠬᠡᠶ ᠴᠢᠩᠭᠠᠳᠬᠠᠵᠤ᠂ ᠬᠤᠳᠦᠯᠳᠠᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠲᠠᠰᠤᠷᠠᠯᠲᠠ ᠥᠬᠡᠶ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠬᠠᠷᠠᠬᠠᠨ ᠪᠣᠳᠠᠲᠠᠶᠢᠵᠢᠭᠠᠳᠤᠢ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠭᠳᠡᠯ ᠢ ᠳᠠᠶᠢᠴᠢᠯᠠᠬᠤ ᠦᠢᠯᠡᠳᠦᠯ ᠪᠠᠰᠠ ᠢᠯᠡᠷᠡᠭᠡᠳᠦᠢ ᠪᠠᠶᠢᠭᠰᠠᠭᠠᠷ ︔ ᠤᠰᠤ᠂ ᠴᠠᠬᠢᠯᠭᠠᠨ ᠵᠡᠷᠭᠡ ᠡᠯᠧᠮᠧᠨ᠋ᠲ ᠤᠨ ᠪᠠᠲᠤᠯᠠᠭ᠎ᠠ ᠬᠦᠷᠦᠯᠴᠡᠬᠦ ᠦᠭᠡᠢ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠴᠢᠨᠠᠷᠲᠠᠶ ᠭᠦᠢᠴᠠᠤᠡᠭᠡᠯ ᠲᠤᠭ᠎ᠠ ᠳᠠᠷᠤᠯᠲᠠ ᠶᠢ ᠳᠠᠭᠠᠭᠠᠬᠤ︔ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠡᠮ ᠡᠮᠨᠡᠯᠭᠡ ᠶᠢᠨ ᠬᠢᠷᠢ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠳᠤᠲᠠᠭᠤᠳᠠᠯ ᠢ ᠪᠠᠰᠠ ᠲᠦᠷᠭᠡᠨ ᠨᠥᠬᠦᠪᠥᠷᠢᠯᠡᠬᠦ ᠴᠢᠬᠤᠯᠠᠲᠠᠶ ᠪᠠᠶᠢᠨ᠎ᠠ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠭᠡᠬᠦ ᠮᠡᠲᠦ‌ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠨᠠᠮᠠᠭᠠᠶ ᠰᠤᠳᠤᠯᠤᠨ ᠰᠢᠢᠤᠡᠪᠤᠷᠢᠯᠡᠨ᠎ᠡ᠃         ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ    2020 ᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠤᠪᠵᠢᠭᠦᠯᠭᠡ ᠶᠢᠨ ᠲᠡᠭᠦᠰᠬᠦ ᠵᠢᠯ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠤᠡᠪᠤᠷᠢᠳᠤ ᠢᠯᠠᠯᠲᠠ ᠶᠢ ᠣᠯᠬᠤ ᠵᠢᠯ ᠪᠣᠯᠤᠨ᠎ᠠ᠃ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠪᠣᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠶᠢ ᠰᠠᠶᠢᠲᠤᠷ ᠲᠠᠯᠪᠢᠬᠤ ᠵᠠᠩᠭᠢᠯᠠᠭ᠎ᠠ ᠶᠢᠨ ᠵᠢᠯ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠤᠨ᠎ᠠ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠪᠥᠭᠡᠳ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠳᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠲᠠᠪᠤᠨ ᠣᠷᠣᠨ︾᠎ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠤᠡ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ᠠᠷᠠᠳ ᠲᠦᠮᠡᠨ ᠤ ᠵᠥᠪᠰᠢᠶᠡᠷᠡᠯ ᠢ ᠣᠯᠵᠤ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ ᠬᠡᠷᠡᠭᠲᠡᠢ᠃    2020 ᠤᠨ ᠮᠠᠨ ᠤ ᠲᠤᠭᠤᠷᠢᠭ  ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠤᠶᠢᠯᠡᠤᠡᠪᠤᠷᠢᠯᠡᠯ ᠤᠨ ᠶᠡᠷᠦᠩᠬᠡᠶ ᠥᠷᠲᠡᠭ ᠢ 6%᠎ ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 8%᠎ ᠪᠠᠷ ᠨᠡᠮᠡᠭᠳᠡᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 6%᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ 4%᠎ ᠪᠠᠷ ᠨᠡᠮᠡᠭᠳᠡᠵᠦ᠂ ᠬᠤᠲᠠ ᠪᠠᠯᠭᠠᠰᠤ ᠪᠣᠯᠤᠨ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠲᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 6% ᠪᠣᠯᠤᠨ 7%᠎ ᠪᠠᠷ ᠨᠡᠮᠡᠭᠳᠡᠪᠡ᠃ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠪᠠ ᠪᠠᠶᠢᠴᠠᠭᠠᠭᠰᠠᠨ ᠠᠵᠢᠯ ᠠᠯᠳᠠᠯᠲᠠ ᠶᠢᠨ  ᠨᠣᠷᠮ᠎ᠠ ᠶᠢᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠭᠦᠢᠴᠠᠤᠡᠭᠡᠬᠦ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃  ᠳᠡᠭᠡᠷ᠎ᠡ‌‍ᠲ᠋ᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠦᠷᠭᠦᠯᠵᠢᠯᠡᠨ ᠬᠤᠲᠠ ᠵᠢᠨ‌ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠠᠪᠤᠨ ᠤᠷᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠣᠳᠠᠲᠠᠶ ᠱᠠᠭᠠᠷᠳᠠᠯᠭ᠎ᠠ ᠶᠢᠨ ᠲᠣᠭᠤᠷᠢᠨ ᠳᠤ ᠬᠡᠯᠪᠡᠷᠢ ᠪᠠᠨ ᠬᠤᠪᠢᠷᠠᠭᠤᠯᠤᠨ‌ᠵᠢᠱᠢᠶ᠎ᠡ ᠦᠵᠡᠭᠦᠯᠬᠦ ᠣᠷᠣᠨ ᠤ ᠲᠤᠯᠭᠠᠭᠤᠷᠢᠯᠠᠬᠤ ᠰᠢᠰᠲ᠋ᠧᠮ ᠢ ᠦᠨᠳᠦᠰᠦᠨ ᠳᠡᠭᠡᠨ ᠪᠣᠶ ᠪᠣᠯᠭᠠᠬᠤ ᠬᠡᠷᠡᠭᠲᠡᠶ᠃ ᠬᠦᠴᠦ ᠪᠠᠨ ᠲᠥᠪᠯᠡᠷᠡᠭᠦᠯᠦᠨ ᠬᠤᠲᠠ ᠬᠥᠳᠡᠭᠡ ᠶᠢ ᠠᠭᠤᠰᠤᠯᠴᠠᠭᠤᠯᠤᠨ ᠤᠷᠢᠳᠠᠪᠠᠷ ᠬᠡᠷᠡᠭᠵᠢᠭᠦᠯᠬᠦ ᠣᠷᠣᠨ ᠤ ᠠᠵᠢᠯᠯᠠᠭᠠᠨ ᠤ ᠵᠠᠭᠪᠤᠷ  ᠢ ᠦᠨᠳᠦᠰᠦᠨ ᠳᠡᠭᠡᠨ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠳᠦᠰᠦᠨ ᠳᠡᠭᠡᠨ ᠪᠠᠬᠢᠵᠢᠭᠦᠯᠬᠦ ᠎ ᠶᠢ ᠬᠦᠴᠦ ᠎ ᠪᠠᠨ ᠲᠥᠪᠯᠡᠷᠡᠭᠦᠯᠦᠨ ᠠᠬᠢᠭᠤᠯᠵᠤ᠂ ᠪᠡᠯᠡ ᠣᠷᠣᠭᠤᠯᠤᠯᠲᠠ ᠠᠷᠠᠯᠵᠢᠶᠠᠨ ᠤ ᠲᠡᠷᠢᠭᠦᠨ ᠰᠣᠩᠬᠤᠭᠤᠯᠢ ᠶᠢᠨ ᠣᠷᠣᠨ ᠎ ᠤ ᠣᠨᠴᠠᠯᠢᠭ ᠤᠨ ᠳᠠᠪᠠᠭᠤᠯᠢᠭ ᠢ  ᠦᠨᠳᠦᠰᠦᠨ ᠳᠡᠭᠡᠨ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠬᠦᠴᠦ ᠪᠠᠨ ᠲᠥᠪᠯᠡᠷᠡᠭᠦᠯᠦᠨ ᠰᠢᠯᠢᠳᠡᠭ ᠰᠤᠷᠭᠠᠨ ᠬᠥᠮᠦᠵᠢᠯ ᠰᠢᠯᠢᠳᠡᠭ ᠡᠮᠨᠡᠯᠭᠡ ᠶᠢᠨ ᠲᠦᠭᠡᠮᠡᠯ ᠬᠠᠷᠠᠭᠠᠯᠵᠠᠯ ᠦᠵᠡᠭᠦᠯᠬᠦ ᠣᠷᠣᠨ ᠤ ᠨᠡᠶᠢᠭᠡᠮ ᠤᠨ ᠤᠶᠢᠯᠡᠳᠤᠯ ᠢ ᠦᠨᠳᠦᠰᠦᠨ ᠳᠡᠭᠡᠨ ᠢᠯᠡᠷᠡᠭᠦᠯᠵᠡᠶ᠃ ᠠᠵᠢᠯ ᠤᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠪᠲᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠎ᠠ᠃    ᠲᠥᠯᠥᠭᠡᠯᠡᠭᠴᠢᠳ ᠡ᠂ 2020 ᠣᠨ ᠤ ᠡᠬᠢᠯᠡᠯᠲᠡ ᠶᠢᠨ ᠣᠨ ᠤ ᠡᠬᠢᠨ ᠳᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠦᠳᠲᠡᠷ ᠲᠦᠷᠭᠡᠨ ᠥᠷᠭᠡᠵᠢᠨ᠂ ᠪᠥᠬᠦ ᠲᠤᠭᠤᠷᠢᠭ  ᠤᠨ ᠳᠡᠭᠡᠳᠦ ᠳᠣᠤᠷᠠᠳᠤ ᠱᠠᠲᠤ ᠪᠠᠷ ᠢᠶᠠᠨ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠤᠤᠱᠯᠠᠭᠤᠯᠤᠨ ᠨᠠᠶᠢᠳᠠᠪᠤᠷᠢᠵᠢᠯᠠᠭᠤᠯᠵᠤ᠂ ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠲᠤᠭᠤᠷᠢᠭ ᠎ ᠤᠨ ᠨᠠᠮ ᠤᠨ ᠬᠤᠷᠢᠶ᠎ᠠ ᠶᠢᠨ  ᠪᠠᠶᠢᠷᠢᠯᠠᠭᠤᠯᠤᠯᠲᠠ ᠱᠠᠭᠠᠷᠳᠠᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠎ ᠲᠠᠢ ᠥᠷᠨᠢᠭᠦᠯᠵᠦ᠂ ᠠᠵᠢᠯ ᠎ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠴᠢᠷᠮᠠᠶᠢᠨ ᠠᠬᠢᠭᠤᠯᠵᠤ᠂ ᠨᠡᠶᠢᠭᠡᠮ ᠤᠨ ᠠᠵᠤ ᠠᠬᠤᠶ ᠶᠢᠨ ᠠᠮᠢᠳᠤᠷᠠᠯ ᠶᠠᠭ ᠡᠮᠬᠢ ᠵᠢᠷᠤᠮ ᠲᠠᠢ ᠪᠠᠷ ᠬᠡᠪ ᠤᠨ ᠪᠠᠶᠢᠳᠠᠯ ᠢᠶᠠᠨ ᠰᠡᠷᠭᠦᠭᠡᠵᠦ ᠪᠠᠶᠢᠨ᠎ᠠ᠃ ᠠᠳᠡ᠂ ᠪᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ‌‍ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠪᠦᠬᠦ ᠬᠥᠮᠦᠰ ᠎ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠦᠬᠦ ᠬᠦᠴᠦ ᠪᠠᠷ ᠢᠶᠠᠨ ᠬᠠᠮᠵᠢᠯᠴᠠᠭᠰᠠᠨ ᠪᠠ ᠳᠡᠮᠵᠢᠭᠰᠡᠨ ᠥᠷᠭᠡᠨ ᠤᠯᠠᠨ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠪᠢᠳᠡ ᠨᠠᠮ ᠤᠨ ᠲᠥᠪ ᠬᠤᠷᠢᠶᠠᠨ ᠤ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠤᠯᠲᠠᠢ ᠲᠥᠯᠥᠪᠵᠢᠭᠦᠯᠵᠦ᠂ ᠭᠤᠤᠯᠳᠠᠯᠭ᠎ᠠ ᠪᠠᠨ ᠲᠣᠪᠤᠶᠢᠯᠭᠠᠨ᠂ ᠣᠨᠣᠪᠴᠢᠲᠠᠶ ᠠᠷᠭ᠎ᠠ ᠪᠣᠳᠣᠯᠭ᠎ᠠ ᠶᠢ ᠬᠡᠷᠡᠭᠵᠢᠭᠦᠯᠤᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠠᠳ ᠤᠨ ᠳᠠᠶᠢᠨ᠂ ᠶᠡᠷᠦᠩᠬᠡᠶ ᠳᠠᠶᠢᠨ᠂ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠣᠯᠵᠤ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ  ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠭᠦᠨ ᠳᠤ ᠪᠢᠳᠡ ᠨᠠᠩ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠬᠡᠷᠡᠭᠲᠡᠶ᠃  ︵ᠨᠢᠭᠡ︶ ᠭᠤᠷᠪᠠᠨ ᠶᠡᠭᠡ ᠪᠡᠷᠬᠡ ᠰᠡᠳᠦᠪ ᠢ ᠰᠢᠢᠤᠡᠪᠤᠷᠢᠯᠡᠬᠦ ᠲᠠᠶᠢᠨ ᠢ ᠡᠷᠡᠰ ᠰᠠᠶᠢᠲᠤᠷ ᠬᠢᠵᠦ ᠢᠯᠠᠯᠲᠠ ᠣᠯᠤᠨ᠎ᠠ    ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠤᠡᠪᠤᠷᠢᠯᠡᠬᠦ ᠡᠭᠦᠷᠭᠡ ᠶᠢ ᠬᠤᠭᠤᠴᠠᠭ᠎ᠠ‌‍ᠶᠣᠰᠣᠭᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠᠷᠢᠮᠵᠢᠶ᠎ᠠ ᠪᠣᠯᠤᠨ ᠳᠤᠪᠤᠶᠢᠮ᠎ᠠ ᠠᠰᠠᠭᠤᠳᠠᠯ ᠳᠤ ᠠᠩᠬᠠᠷᠤᠯ  ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠪᠠ ᠦᠷ᠎ᠡ ᠪᠦᠲᠦᠮᠵᠢ ᠶᠢ ᠰᠢᠯᠭᠠᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠬᠢᠨ ᠬᠠᠷᠠᠬᠤ︾᠎ ᠶᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ︽ᠳᠥᠷᠪᠡ ᠶᠢ ᠲᠠᠰᠤᠯᠠᠬᠤ ᠦᠭᠡᠢ︾ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠳᠠᠬᠢᠨ ᠶᠠᠳᠠᠭᠤᠷᠠᠭᠰᠠᠨ ᠬᠥᠮᠦᠨ ᠠᠮᠠ ᠪᠠ ᠰᠢᠨ᠎ᠡ ᠪᠠᠷ ᠡᠭᠦᠰᠦᠭᠰᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠬᠢᠨᠠᠨ ᠬᠡᠮᠵᠢᠬᠦ ᠪᠠ ᠬᠠᠪᠰᠤᠷᠤᠨ ᠲᠡᠤᠡᠬᠦᠬᠦ ᠶᠢ ᠰᠠᠶᠢᠲᠤᠷ ᠬᠢᠨ᠎ᠡ᠃ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠵᠣᠷᠢᠭᠵᠢᠭᠤᠯᠤᠨ 5 ᠵᠠᠰᠠᠭ ᠵᠠᠬᠢᠷᠭᠠᠨ ᠤ ᠲᠤᠰᠬᠤᠨ ᠲᠠᠢ ᠪᠥᠬᠦ ᠲᠠᠯ᠎ᠠ ᠪᠠᠷ ᠬᠤᠤᠰᠯᠠᠭᠤᠯᠵᠤ᠂ ᠣᠷᠳᠣ ᠬᠤᠭᠤᠴᠠᠭ᠎ᠠ ᠪᠠᠷ ᠴᠢᠰᠤ ᠬᠠᠩᠭᠠᠵᠤ ᠴᠢᠰᠤ ᠪᠦᠲᠦᠭᠡᠬᠦ ᠶᠢ ᠪᠠᠳᠤᠯᠠᠨ᠎ᠠ᠃ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠢᠶᠠᠨ ᠾᠧ ᠬᠥ᠋ ᠠᠮᠤ ᠪᠤᠳᠠᠭ᠎ᠠ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠤᠨ ᠬᠥᠭᠵᠢᠯᠲᠡ ᠶᠢ ᠳᠠᠮᠵᠢᠵᠤ᠂  ᠬᠦᠯᠡᠮᠵᠢ ᠶᠢᠨ ᠡᠬᠢ ᠪᠠᠶᠠᠯᠢᠭ ᠢ ᠠᠮᠢᠯᠠᠭᠤᠯᠵᠤ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠪᠠᠷ ᠳᠠᠶᠢᠴᠢᠯᠠᠬᠤ ᠤᠶᠢᠯᠡᠳᠤᠯ ᠢ ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠶᠢ ︽ᠵᠣᠷᠢᠭ ᠤᠬᠠᠭᠠᠨ ᠬᠤᠶᠠᠷ ᠢ ᠲᠡᠳᠬᠦᠬᠦ︾᠎ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠬᠥᠮᠦᠰ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠦᠳᠡᠯᠮᠤᠷᠢ ᠶᠢᠨ ᠶᠠᠳᠠᠭᠤ ᠠᠴᠠ ᠠᠩᠭᠢᠵᠢᠷᠠᠨ ᠪᠠᠶᠠᠵᠢᠭᠰᠠᠨ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠵᠤ᠂ ᠶᠠᠳᠠᠭᠤ ᠬᠦᠴᠢᠷᠳᠡᠯᠲᠡᠢ ᠬᠥᠮᠦᠰ ᠤᠨ ᠪᠣᠳᠠᠲᠠᠢ ᠠᠵᠢᠯᠯᠠᠵᠤ ᠶᠠᠳᠠᠭᠤ ᠠᠴᠠ ᠠᠩᠭᠢᠵᠢᠷᠠᠭᠤᠯᠬᠤ ︽ᠴᠤᠭ ᠵᠢᠪᠬᠤᠭ᠎ᠠ︾᠎ ᠶᠢ ᠳᠡᠭᠡᠭᠰᠢᠯᠡᠭᠦᠯᠤᠨ᠎ᠡ᠃    ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠣᠷᠣᠨ︾᠎ ᠤ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠬᠥᠬᠡ ᠣᠭᠲᠠᠷᠭᠤᠶ ᠶᠢ ᠬᠠᠮᠠᠭᠠᠯᠠᠬᠤ ᠲᠠᠶᠢᠨ ᠳᠤ ᠵᠠᠪᠠᠯ ᠢᠯᠠᠯᠲᠠ ᠣᠯᠵᠤ᠂ ᠨᠣᠮᠢᠨ ᠤᠰᠤ ᠪᠠ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠨ ᠤ ᠵᠠᠩᠭᠢᠯᠠᠭ᠎ᠠ ᠶᠢᠨ ᠴᠡᠭ ᠪᠣᠯᠤᠨ ᠳᠣᠪᠤᠶᠢᠮ᠎ᠠ ᠬᠡᠰᠡᠭ ᠪᠣᠯᠭᠠᠵᠠᠶ᠃ ᠠᠭᠤᠷᠬᠠᠢ ᠶᠢᠨ ᠣᠷᠣᠨ ᠤ 7 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠮᠤᠷᠭᠤᠤ ᠠᠭᠤᠷᠬᠠᠢ ᠶᠢᠨ ᠣᠷᠣᠨ᠂ ᠲᠡᠮᠡᠭᠡᠲᠦ ᠠᠭᠤᠯᠠ ᠠᠭᠤᠷᠬᠠᠢ ᠶᠢᠨ ᠣᠷᠣᠨ ᠵᠡᠷᠭᠡ ᠰᠢᠷᠣᠢ ᠭᠠᠳᠠᠭᠰᠢᠯᠠᠭᠤᠯᠬᠤ ᠲᠠᠯᠠᠪᠠᠢ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠨᠡᠭᠦᠷᠡᠰᠦᠨ ᠴᠢᠯᠠᠭᠤ ᠥᠪᠡᠰᠦᠪᠡᠨ ᠨᠣᠴᠣᠬᠤ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠨᠡᠭᠦᠷᠡᠰᠦᠨ ᠳᠠᠪᠬᠤᠷᠭ᠎ᠠ ᠶᠢᠨ ᠥᠪᠡᠰᠦᠪᠡᠨ ᠨᠣᠴᠣᠬᠤ ᠶᠢ ᠵᠠᠰᠠᠬᠤ ᠶᠢ ᠲᠦᠷᠭᠡᠳᠬᠡᠨ᠎ᠡ᠃ ᠠᠭᠤᠷᠬᠠᠢ ᠶᠢᠨ ᠬᠦᠨᠳᠦ ᠺᠠᠷᠲ ᠢᠶᠠᠷ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠭᠤᠷᠬᠠᠢ ᠶᠢᠨ ᠣᠷᠣᠨ ᠳᠤ ᠠᠵᠢᠯᠯᠠᠬᠤ ᠵᠢᠴᠢ ᠵᠠᠮ ᠳᠡᠭᠡᠷ᠎ᠡ ᠲᠣᠭᠤᠰᠣ ᠳᠡᠭᠳᠡᠬᠦ ᠶᠢ ᠴᠢᠩᠭ᠎ᠠ ᠬᠢᠵᠠᠭᠠᠷᠯᠠᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠪᠣᠬᠢᠷᠲᠤᠯ ᠢ ᠴᠢᠷᠮᠠᠶᠢᠨ ᠪᠠᠭᠠᠰᠬᠠᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠢᠴᠢ ︽ᠡᠷᠭᠢᠨ ᠬᠠᠷᠠᠬᠤ︾ ᠬᠠᠷᠢᠭᠤ ᠲᠤᠰᠬᠠᠭᠰᠠᠨ ᠠᠰᠠᠭᠤᠳᠠᠯ ᠢ ᠠᠷᠢᠯᠭᠠᠬᠤ ᠠᠬᠢᠴᠠ ᠶᠢ ᠲᠦᠷᠭᠡᠳᠬᠡᠵᠦ᠂ ᠬᠡᠦᠷᠰᠢᠭᠦᠯᠦᠭᠰᠡᠨ ᠠᠵᠤ ᠠᠬᠤᠶᠢᠯᠠᠯ ᠤᠨ ᠣᠨᠴᠠᠭᠠᠢ ᠭᠠᠳᠠᠭᠰᠢᠯᠠᠭᠤᠯᠤᠯᠲᠠ ᠶᠢᠨ ᠥᠷᠲᠡᠭ ᠢ ᠬᠢᠵᠠᠭᠠᠷᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠎ ᠲᠠᠢ︾ ᠠᠵᠤ ᠠᠬᠤᠶᠢᠯᠠᠯ ᠢ ᠶᠡᠬᠡᠪᠡᠷ ᠴᠡᠭᠴᠡᠯᠡᠨ ᠵᠠᠰᠠᠵᠤ᠂ ᠪᠠᠷᠢᠯᠭ᠎ᠠ ᠶᠢᠨ ᠲᠣᠭᠤᠷᠢᠭ  ᠤᠨ ᠨᠡᠭᠦᠷᠡᠰᠦ  ᠎ ᠶᠢ ᠣᠷᠣᠯᠠᠭᠤᠯᠬᠤ ᠪᠠ ᠠᠷᠢᠭᠤᠨ ᠴᠡᠪᠡᠷ ᠳᠤᠯᠠᠭᠠᠯᠠᠬᠤ᠂ ᠪᠠᠷᠢᠯᠭ᠎ᠠ ᠶᠢᠨ ᠤᠷᠤᠨ  ᠤ ᠲᠣᠭᠤᠰᠣ ᠳᠡᠭᠳᠡᠬᠦ ᠶᠢ ᠴᠡᠭᠴᠡᠯᠡᠨ ᠵᠠᠰᠠᠬᠤ ᠵᠡᠷᠭᠡ ᠠᠵᠢᠯ ᠢ ᠲᠣᠪᠤᠶᠢᠮ᠎ᠠ‌‍ᠰᠠᠶᠢᠲᠤᠷ ᠠᠤᠡᠬᠤᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠪᠠᠷᠢᠮᠵᠢᠶ᠎ᠠ ᠳᠤ ᠬᠦᠷᠬᠦ ᠨᠣᠷᠮ᠎ᠠ ᠶᠢᠨ 80%᠎ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠬᠤ ᠪᠠ ᠬᠠᠲᠤᠨ ᠭᠤᠤᠯ ᠤᠨ ᠤᠰᠤ ᠶᠢ ᠲᠣᠭᠲᠠᠭᠠᠯ ᠠᠴᠠ ᠵᠥᠷᠢᠴᠡᠨ ᠠᠪᠴᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠳᠤᠮᠳᠠ ᠤᠰᠤ᠂ ᠰᠡᠶᠢᠷᠡᠭ ᠬᠠᠭᠤᠷᠠᠶ ᠤᠰᠤ ᠵᠡᠷᠭᠡ ᠤᠯᠠᠮᠵᠢᠯᠠᠯ ᠲᠤ ᠪᠤᠰᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ᠂ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠎ᠠ᠃ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠪᠣᠬᠢᠷᠲᠤᠯ ᠢ ᠭᠠᠳᠠᠭᠰᠢᠯᠠᠭᠤᠯᠬᠤ ᠶᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠡᠯ᠎ᠡ ᠲᠥᠷᠥᠯ ᠤᠨ ᠬᠥᠷᠥᠰᠥ ᠰᠢᠷᠣᠶ ᠶᠢᠨ ᠪᠣᠬᠢᠷᠲᠤᠯ ᠢ ᠴᠢᠩᠭ᠎ᠠ ᠬᠠᠮᠢᠶᠠᠷᠤᠨ ᠡᠵᠡᠮᠳᠡᠵᠦ᠂ ᠬᠥᠷᠥᠰᠥ ᠰᠢᠷᠣᠶ ᠶᠢᠨ ᠪᠣᠬᠢᠷᠲᠤᠯ ᠢ ᠵᠠᠰᠠᠬᠤ ᠪᠠ ᠵᠠᠰᠠᠨ ᠰᠡᠷᠭᠦᠭᠡᠬᠦ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃    ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ ᠭᠠᠷᠬᠤ ᠶᠢ ᠦᠨᠡᠨᠬᠦ ᠪᠠᠲᠤᠯᠠᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠡᠳ᠋ ᠤᠨ ᠬᠦᠴᠦᠨ ᠢ ᠲᠥᠪᠯᠡᠷᠡᠭᠦᠯᠦᠨ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠨ᠎ᠠ᠃ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠣᠭᠤᠰ ᠎ ᠶᠢ ᠬᠢᠳᠤᠭᠠᠨ ᠢᠷ ᠳᠡᠭᠡᠷ᠎ᠡ ᠵᠠᠷᠤᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠬᠤ ᠬᠡᠷᠡᠭᠲᠡᠢ︔ ᠥᠷᠢ ᠰᠢᠷᠢ ᠠᠷᠢᠯᠭᠠᠬᠤ ᠪᠡᠯᠡ ᠮᠥᠩᠭᠦ ᠶᠢᠨ ᠠᠷᠭ᠎ᠠ ᠵᠠᠮ  ᠢ ᠬᠦᠴᠦᠯᠡᠨ ᠥᠷᠭᠡᠳᠬᠡᠵᠦ᠂ ᠡᠯ᠎ᠡ ᠲᠥᠷᠥᠯ ᠤᠨ ᠪᠡᠯᠡ ᠮᠥᠩᠭᠦ ᠡᠳ᠋ ᠬᠥᠷᠥᠩᠭᠡ ᠶᠢ ᠴᠢᠯᠥᠭᠡᠲᠡᠶ ᠪᠣᠯᠭᠠᠵᠤ᠂ ᠵᠢᠭᠡᠯᠡᠯᠭᠡ ᠶᠢᠨ ᠲᠡᠮᠳᠡᠭᠲᠦ ᠰᠣᠯᠢᠬᠤ ᠪᠠᠷ ᠢᠳᠡᠪᠬᠢᠯᠡᠨ ᠴᠢᠷᠮᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ ᠢᠶᠠᠷ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠡᠷᠡᠰ ᠰᠡᠷᠭᠡᠶᠢᠯᠡᠨ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠶ ᠶᠢᠨ ᠬᠦᠭᠵᠢᠯᠲᠡ ᠶᠢ ᠳᠡᠮᠵᠢᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ᠰᠢᠨ᠎ᠡ ᠲᠢᠲᠢᠮ ᠎ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠰᠤᠷᠭᠠᠮᠵᠢ ᠶᠢ ᠬᠦᠯᠢᠶᠡᠨ ᠠᠪᠴᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠡᠯ᠎ᠡ ᠲᠥᠷᠥᠯ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠷᠢᠨ ᠪᠣᠯᠭᠠᠨ ᠲᠡᠭᠦᠯᠳᠡᠷᠵᠢᠭᠦᠯᠵᠦ᠂ ᠡᠯ᠎ᠡ ᠬᠦᠷᠢᠶᠠᠨ  ᠳᠠᠬᠢ ᠬᠦᠨᠳᠦ‌‍ᠶᠡᠭᠡ ᠲᠦᠭᠰᠢᠭᠦᠷᠢ ᠶᠢᠨ ᠴᠡᠭ ᠢ ᠳᠡᠭᠡᠳᠤ  ᠬᠡᠮᠵᠢᠶ᠎ᠡ ᠪᠠᠷ ᠰᠡᠷᠡᠮᠵᠢᠯᠡᠵᠦ᠂ ᠨᠠᠷᠢᠨ ᠨᠢᠭᠲᠠ ᠵᠢᠭᠰᠠᠭᠠᠨ ᠪᠠᠶᠢᠴᠠᠭᠠᠵᠤ᠂ ᠴᠢᠩᠭ᠎ᠠ ᠰᠡᠷᠭᠡᠶᠢᠯᠡᠨ᠎ᠡ᠃       ︵ᠬᠤᠶᠠᠷ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ    ᠵᠠᠰᠠᠭ ᠤᠨ ᠣᠷᠳᠣᠨ ᠤ ᠤᠶᠢᠯᠡᠴᠢᠯᠡᠭᠡᠨ ᠤ ᠤᠶᠢᠯᠡᠳᠤᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠡᠯᠡ ᠣᠷᠣᠭᠤᠯᠤᠯᠲᠠ ᠠᠷᠠᠯᠵᠢᠶᠠᠨ ᠤ ᠲᠡᠷᠢᠭᠦᠨ ᠰᠣᠩᠭᠤᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠦᠢᠴᠡᠳᠬᠡᠬᠦ ᠠᠮᠠᠯᠠᠯᠲᠠ ᠶᠢᠨ ᠳᠦᠷᠢᠮ ᠪᠠ ᠳᠤᠲᠠᠭᠳᠠᠵᠤ ᠪᠠᠶᠢᠭ᠎ᠠ  ᠲᠤᠭᠳᠠᠴᠠ  ᠶᠢ ᠬᠡᠷᠡᠭᠵᠢᠭᠦᠯᠵᠦ᠂ ᠲᠥᠷᠥᠯ ᠵᠤᠶᠢᠯ  ᠢ ᠬᠢᠨᠠᠨ ᠵᠥᠪᠰᠢᠶᠡᠷᠡᠬᠦ ᠶᠢ ᠪᠣᠳᠠᠲᠠᠶᠢᠵᠢᠭᠤᠯᠬᠤ ᠬᠤᠷᠳᠤᠴᠠ ᠶᠢ ᠲᠦᠷᠭᠡᠳᠬᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠦᠯᠵᠢᠶᠡᠨ ᠳᠡᠭᠡᠷ᠎ᠡ ᠡᠷᠬᠢᠯᠡᠬᠦ︾᠎ ᠶᠢ ᠬᠡᠷᠡᠭᠵᠢᠭᠦᠯᠵᠦ᠂ ᠤᠶᠢᠯᠡᠴᠢᠯᠡᠭᠡᠨ ᠤ ᠲᠣᠣᠷ ᠰᠦᠯᠵᠢᠶ᠎ᠡ ᠶᠢ ᠨᠡᠶᠢᠭᠡᠮ ᠲᠣᠭᠤᠷᠢᠭ ᠬᠦᠷᠲᠡᠯ᠎ᠡ ᠥᠷᠭᠡᠳᠬᠡᠵᠦ᠂ ᠲᠣᠭᠤᠷᠢᠭ᠂ ᠪᠠᠯᠭᠠᠰᠤ ᠵᠡᠭᠡᠯᠢ ᠭᠤᠳᠤᠮᠵᠢ᠂ ᠲᠣᠰᠬᠤᠨ ᠨᠡᠶᠢᠭᠡᠮ ᠲᠣᠭᠤᠷᠢᠭ ᠭᠤᠷᠪᠠᠨ ᠱᠠᠲᠤᠨ ᠤ ᠵᠠᠰᠠᠭ ᠤᠨ ᠶᠠᠪᠤᠳᠠᠯ  ᠤᠨ ᠤᠶᠢᠯᠡᠴᠢᠯᠡᠭᠡ  ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ︽ᠰᠦᠯᠵᠢᠶᠡᠨ ᠳᠡᠭᠡᠷ᠎ᠡ ᠭᠦᠢᠴᠠᠤᠡᠭᠡᠬᠦ︾ ᠵᠤᠶᠢᠯᠡᠰ ᠢ 70%᠎ ᠠᠴᠠ ᠳᠠᠪᠠᠭᠤᠯᠬᠤ ᠪᠠᠷ ᠴᠢᠷᠮᠠᠶᠢᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠥᠪᠯᠡᠷᠡᠭᠦᠯᠦᠨ ᠭᠦᠢᠴᠡᠳᠬᠡᠬᠦ︾᠎ ᠶᠢ ᠬᠡᠷᠡᠭᠵᠢᠭᠦᠯᠵᠦ᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠲᠢᠩᠬᠢᠮ ᠠᠴᠠ ᠭᠠᠳᠠᠨ᠎ᠠ ᠬᠢᠨᠠᠨ ᠵᠥᠪᠰᠢᠶᠡᠷᠡᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ︔ ᠵᠠᠰᠠᠭ ‍ᠤᠨ‌‍ᠶᠠᠪᠤᠳᠠᠯ ‍ᠤᠨ‌ᠦᠢᠯᠡᠴᠢᠯᠡᠭᠡᠨ ᠤ︽ᠳᠠᠷᠦ᠋ᠢᠬᠠᠨ‌‍ᠭᠦ᠋ᠢᠴᠡᠳᠬᠡᠬᠦ︾᠎ ᠶᠢᠬᠡᠷᠡᠭᠵᠢᠭᠦᠯᠵᠦ᠂ ︽ᠨᠢᠭᠡ‌‍ᠬᠡᠷ ᠢᠶᠠᠷ ᠲᠦᠷᠦᠭᠦᠯᠡᠭᠦᠯᠬᠦ᠂ ᠨᠡᠶᠢᠯᠡᠭᠦᠯᠦᠨ ᠬᠤᠯᠪᠣᠵᠤ ᠬᠢᠨᠠᠨ ᠵᠥᠪᠰᠢᠶᠡᠷᠡᠬᠦ᠂ᠴᠠᠭ‌‍ᠬᠢᠵᠠᠭᠠᠷᠯᠠᠨ‌‍ᠭᠦ᠋ᠢᠴᠠᠤᠡᠭᠡᠵᠤ ᠳᠠᠭᠤᠰᠬᠠᠬᠤ︾ ᠵᠠᠭᠪᠤᠷ ᠢ‌‍ᠬᠡᠷᠡᠭᠯᠡᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃    ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ ᠤᠶᠢᠯᠡᠤᠡᠪᠤᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ᠂ ᠤᠶᠢᠯᠡᠤᠡᠪᠤᠷᠢᠯᠡᠯ ᠢᠶᠠᠨ ᠬᠥᠭᠵᠢᠭᠦᠯᠵᠦ ᠦᠷ᠎ᠡ ᠪᠦᠲᠤᠮᠵᠢ ᠳᠤ ᠬᠦᠷᠦᠭᠦᠯᠬᠦ ᠶᠢ ᠠᠬᠢᠭᠤᠯᠵᠤ᠂ ᠬᠢᠵᠢᠭ ᠤᠨ ᠪᠠᠶᠢᠳᠠᠯ ᠢ ᠨᠠᠮᠳᠠᠭᠤᠯᠬᠤ ᠳᠤ ᠬᠠᠪᠰᠤᠷᠤᠨ ᠲᠡᠳᠬᠦᠬᠦ ᠠᠵᠤ ᠠᠬᠤᠶᠢᠯᠠᠯ ᠢ ᠨᠥᠯᠥᠭᠡᠯᠡᠬᠦ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠶᠢᠯᠢ ᠬᠥᠩᠭᠡᠯᠡᠵᠦ ᠰᠤᠶᠢᠤᠡᠭᠡᠯ ᠪᠠᠭᠤᠷᠠᠭᠤᠯᠬᠤ ᠪᠠ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠢᠯᠭᠠᠷᠠᠭᠤᠯᠤᠨ ᠳᠢᠭᠯᠡᠬᠦ ᠠᠵᠢᠯ ᠢ ᠪᠡᠶᠡᠯᠡᠭᠦᠯᠦᠨ᠎ᠡ᠃  ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠤᠯᠵᠤ᠂ ᠠᠵᠤ ᠠᠬᠤᠶᠢᠯᠠᠯ ᠤᠨ ᠤᠶᠢᠯᠡᠤᠡᠪᠤᠷᠢᠯᠡᠯ ᠤᠨ ᠬᠦᠴᠦᠨ ᠵᠤᠶᠢᠯ ᠤᠨ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠳᠡᠪᠬᠢᠲᠡᠶ ᠰᠢᠢᠤᠡᠪᠤᠷᠢᠯᠡᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ‌ᠣᠷᠴᠢᠨ ᠨᠥᠬᠦᠴᠡᠯ ᠢ ᠬᠦᠴᠦᠯᠡᠨ ᠪᠠᠶᠢᠭᠤᠯᠤᠨ᠎ᠠ᠃  ︵ᠭᠤᠷᠪᠠ︶ᠠᠵᠤ ᠤᠶᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ    ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠪᠡᠯᠡ ᠣᠷᠣᠭᠤᠯᠤᠯᠲᠠ ᠶᠢᠨ ᠲᠣᠭᠲᠠᠭᠤᠨ ᠢ ᠠᠬᠢᠭᠤᠯᠪᠠ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ ︽ᠲᠠᠪᠤ ᠶᠢ ᠬᠤᠪᠢᠷᠠᠭᠤᠯᠬᠤ︾᠎ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠤᠯᠭᠠᠭᠤᠷᠢᠯᠠᠬᠤ ᠨᠢᠭᠡ ᠪᠦᠯᠦᠭ ᠭᠤᠤᠯᠳᠠᠯᠭ᠎ᠠ ᠲᠠᠢ ᠠᠵᠤ ᠤᠶᠢᠯᠡᠤᠡᠪᠤᠷᠢ ᠶᠢᠨ ᠲᠥᠷᠥᠯ ᠵᠤᠶᠢᠯ ᠤᠨ ᠪᠦᠳᠤᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠢᠶᠠᠨ ᠯᠦᠩ ᠸᠠᠨ ᠲᠧᠩ ᠣᠨᠴᠠ ᠲᠥᠷᠥᠯ ᠤᠨ ᠪᠣᠯᠣᠳ ᠤᠨ ᠡᠨᠧᠷᠭᠢ ᠠᠷᠪᠢᠯᠠᠨ ᠣᠷᠴᠢᠨ ᠲᠣᠭᠤᠷᠢᠨ  ᠢ  ᠬᠠᠮᠠᠭᠠᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠪᠡᠭᠡᠵᠢᠩ ᠤᠨ ᠵᠥᠭᠡᠭᠡᠪᠦᠷᠢᠯᠡᠨ ᠨᠡᠪᠲᠡᠷᠡᠭᠦᠯᠬᠦ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠬᠦᠷᠢᠶᠡᠯᠡᠩ  ᠤᠨ ᠲᠥᠷᠥᠯ ᠵᠤᠶᠢᠯ ᠢ ᠪᠦᠬᠦ ᠲᠠᠯ᠎ᠠ ᠪᠠᠷ ᠤᠶᠢᠯᠡᠤᠡᠪᠤᠷᠢᠯᠡᠬᠦ ᠶᠢ ᠠᠬᠢᠭᠤᠯᠵᠤ᠂ ᠪᠦᠦ ᠬᠤᠸᠠ ᠵᠢᠨ‌‍ᠸᠠᠨ ᠴᠧᠨ ᠪᠠᠷᠤᠭᠰᠢᠨ ᠲᠥᠷᠥᠯ ᠵᠤᠶᠢᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠠᠶ᠃ ᠰᠠᠶᠢᠰ ᠤᠨ ᠴᠤᠯᠤ ᠴᠡᠪᠡᠷ ᠰᠢᠷᠠᠮᠤ ᠴᠢᠳᠬᠤᠬᠤ ᠳᠤᠮᠳᠠ ᠶᠢᠨ ᠲᠤᠷᠰᠢᠯᠲᠠ᠂ ᠵᠦᠩ ᠢᠦᠶ ᠢᠨᠲ᠋ᠧᠷ ᠰᠦᠯᠵᠢᠶ᠎ᠡ ᠶᠢᠨ ᠣᠶᠤᠨᠴᠢ ᠤᠶᠢᠯᠡᠤᠡᠪᠤᠷᠢ ᠪᠣᠯᠤᠨ ᠪᠦᠦ ᠡᠤ ᠨᠡᠭᠦᠷᠡᠰᠦᠨ ᠮᠠᠲ᠋ᠧᠷᠢᠶᠠᠯ ᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠤᠶᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠵᠢᠶᠠᠨ ᠯᠦᠩ ᠬᠡᠤᠷᠰᠢᠭᠦᠯᠬᠦ ᠵᠢᠴᠢ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ᠂ ᠪᠦᠦ ᠬᠤᠸᠠ ᠸᠠᠨ ᠴᠧᠨ ᠨᠡᠭᠦᠷᠡᠰᠤᠳᠤᠷᠦᠭᠴᠢ ᠶᠢᠨ ᠰᠢᠷᠬᠡᠭ᠂ ᠪᠦᠦ ᠵᠢᠶᠧ ᠰᠢᠨ᠎ᠡ ᠡᠨᠧᠷᠭᠢ ᠶᠢᠨ ᠪᠠᠯ ᠴᠢᠯᠠᠭᠤᠨ ᠤ ᠰᠥᠭᠡᠷᠭᠦ ᠲᠤᠶᠢᠯᠰᠢᠷᠠᠭᠰᠠᠨ‌ᠮᠠᠲ᠋ᠧᠷᠢᠶᠠᠯ᠂ ᠵᠧᠨ ᠰᠢᠩ ᠴᠡᠪᠡᠷ ᠴᠢᠶ᠋ᠢᠦ ᠴᠠᠶᠢᠶ᠋ᠢᠦ ᠲᠤᠰᠤᠨ ᠤ ᠪᠦᠲᠦᠭᠡᠭᠳᠡᠬᠦᠨ ᠵᠡᠷᠭᠡ ᠭᠤᠤᠯᠳᠠᠯᠭ᠎ᠠ ᠲᠠᠢ ᠲᠦᠷᠤᠯ ᠵᠤᠶᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠨᠡᠭᠦᠷᠡᠰᠦᠨ ᠤ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠪᠠ ᠬᠡᠤᠷᠰᠢᠭᠦᠯᠦᠭᠰᠡᠨ ᠠᠵᠤ ᠠᠬᠤᠶᠢᠯᠠᠯ ᠢ ᠨᠡᠶᠢᠯᠡᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠮᠠᠨ ᠤ ᠬᠤᠲᠠ ᠶᠢᠨ ᠪᠦᠬᠦ ᠤᠯᠤᠰ  ‍ᠤᠨ‌ᠤᠰᠤᠲᠥ᠋ᠷᠥᠭᠴᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠰᠦᠪᠡᠭᠴᠢᠯᠡᠨ᠂ ᠤᠰᠤᠲᠥ᠋ᠷᠥᠭᠴᠢ ᠨᠡᠮᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠱᠠᠨᠰᠢ ᠶᠢᠨ ᠮᠠᠰᠢᠨ ᠲᠡᠷᠭᠡᠨ ᠳᠤ ᠲᠦᠰᠢᠭᠯᠡᠨ ᠤᠰᠤᠲᠥ᠋ᠷᠥᠭᠴᠢ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ ᠶᠢ ᠬᠥᠭᠵᠢᠭᠦᠯᠦᠨ᠎ᠡ᠃ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠣᠯᠠᠨ ᠵᠤᠶᠢᠯ ᠤᠨ ᠡᠨᠧᠷᠭᠢ ᠶᠢᠨ ᠬᠠᠮᠵᠢᠯᠴᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠤᠨ᠎ᠡ᠃ ᠴᠢᠨᠠᠷ ᠰᠠᠶᠢᠲᠠᠶ ᠠᠵᠤ ᠠᠬᠤᠶᠢᠯᠠᠯ᠂ ᠡᠷᠭᠢᠨ ᠲᠣᠭᠤᠷᠢᠨ ᠤ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠠᠵᠤ ᠤᠶᠢᠯᠡᠰ᠂ ᠣᠷᠣᠨ ᠰᠠᠭᠤᠴᠠ ᠶᠢᠨ ᠠᠵᠤ ᠠᠬᠤᠶ ᠳᠤ ᠠᠩᠬᠠᠷᠤᠯ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠲᠤᠯᠭᠠᠭᠤᠷᠢᠯᠠᠨ ᠬᠥᠭᠵᠢᠭᠦᠯᠬᠦ ᠴᠢᠨᠠᠷ ᠰᠠᠶᠢᠲᠠᠶ ᠲᠥᠷᠥᠯ ᠵᠤᠶᠢᠯ ᠢ ᠣᠷᠣᠭᠤᠯᠤᠨ ᠠᠪᠴᠢᠷᠠᠨ᠎ᠠ᠃    ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠤᠶᠢᠯᠡᠤᠡᠪᠤᠷᠢ ᠶᠢᠨ ᠬᠦᠷᠢᠶᠡᠯᠡᠩ ᠲᠣᠭᠤᠷᠢᠭ ᠢ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠭᠤᠤᠯ ᠲᠠᠯᠠᠪᠤᠷ  ᠪᠣᠯᠤᠨ ᠠᠵᠤ ᠤᠶᠢᠯᠡᠰ ᠤᠨ ᠲᠥᠪᠯᠡᠷᠡᠯ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠪᠤᠯᠭᠠᠵᠤ᠂ ᠬᠦᠨᠳᠦ ᠬᠥᠩᠭᠡᠨ ᠢ ᠡᠮᠬᠢ ᠵᠢᠷᠤᠮ ᠲᠠᠢ ᠪᠠᠷ ᠬᠦᠷᠢᠶᠡᠯᠡᠩ ᠲᠣᠭᠤᠷᠢᠭ ᠤᠨ ᠳᠤᠲᠠᠭᠤᠳᠠᠯ ᠢ ᠨᠥᠬᠦᠪᠥᠷᠢᠯᠡᠨ᠎ᠡ᠃ ︽ᠮᠦ ᠪᠦᠷᠢ ᠶᠢᠨ ᠤᠨᠠᠯᠲᠠ ᠪᠠᠷ ᠪᠠᠭᠠᠲᠤᠷ ᠢ ᠥᠭᠦᠯᠡᠬᠦ︾᠎ ᠶᠢ ᠪᠠᠷᠢᠮᠲᠠᠯᠠᠵᠤ᠂ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ‌‍ᠲ᠋ᠡᠭᠦᠯᠷᠵᠢᠭᠦᠯᠵᠤ ᠲᠤᠮᠳᠠᠴᠢ ᠲᠠᠲᠠᠪᠤᠷᠢ᠂ ᠮᠦ ᠪᠦᠷᠢ ᠶᠢᠨ ᠳᠤᠮᠳᠠᠴᠢ ᠨᠡᠮᠭᠳᠡᠯ ᠥᠷᠲᠡᠭ᠂ ᠨᠢᠭᠡᠴᠢ ᠡᠨᠧᠷᠭᠢ ᠶᠢᠨ ᠬᠤᠷᠣᠭᠳᠠᠭᠤᠯᠭ᠎ᠠ ᠶᠢᠨ ᠨᠡᠮᠡᠭᠳᠡᠯ ᠥᠷᠲᠡᠭ ᠵᠡᠷᠭᠡ ᠭᠦᠢᠴᠠᠤᠡᠭᠡᠯ ᠲᠤᠭᠠᠨ  ᠢᠶᠠᠷ ᠭᠤᠤᠯ ᠪᠤᠯᠭᠠᠭᠰᠠᠨ ᠠᠵᠤ ᠠᠬᠤᠶᠢᠯᠠᠯ ᠢ ᠦᠨᠡᠯᠡᠨ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠣᠯᠤᠨ ᠡᠷᠴᠢᠮᠵᠢᠭᠦᠯᠦᠭᠰᠡᠨ ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠎ᠡ᠃ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠣᠯᠠᠨ ᠠᠷᠭ᠎ᠠ ᠵᠠᠮ ᠢᠶᠠᠷ ᠤᠰᠤᠨ ᠤ ᠡᠷᠬᠡ ᠶᠢ ᠲᠡᠮᠡᠴᠡᠨ ᠣᠯᠵᠤ᠂ ᠱᠧᠩ ᠶᠤᠸᠠᠨ ᠤᠰᠤᠨ ᠤ ᠶᠠᠪᠤᠳᠠᠯ ᠤᠨ ᠺᠣᠮᠫᠠᠨᠢ ᠶᠢ ᠳᠠᠬᠢᠨ ᠵᠣᠬᠢᠶᠠᠨ ᠪᠠᠶᠢᠭᠤᠯᠵᠤ᠂ ᠬᠤᠲᠠ ᠶᠢᠨ ᠪᠣᠬᠢᠷ ᠤᠰᠤ ᠰᠢᠢᠤᠡᠪᠤᠷᠢᠯᠡᠬᠦ ᠤᠶᠢᠯᠡᠤᠡᠪᠤᠷᠢ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠤᠡᠪᠤᠷᠢᠯᠡᠬᠦ ᠤᠶᠢᠯᠡᠤᠡᠪᠤᠷᠢ ᠪᠣᠯᠤᠨ ᠴᠡᠭᠡᠯ ᠠᠭᠤᠯᠠ ᠤᠰᠤᠨ ᠴᠥᠭᠦᠷᠥᠮ ᠤᠨ ᠳᠤᠮᠳᠠ ᠤᠰᠤᠨ  ᠤ ᠠᠵᠢᠯᠯᠠᠭᠠᠨ ᠤ ᠵᠠᠮ ᠢ ᠨᠡᠪᠲᠡᠷᠡᠭᠦᠯᠦᠨ᠎ᠡ᠃ ᠦᠢᠯᠡᠳᠪᠦᠷᠢᠯᠡᠯ ᠳᠤ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃ ᠡᠩᠬᠡ᠂ ᠠᠮᠢ ᠠᠬᠤᠶ᠂ ᠲᠣᠮᠣ ᠳ᠋ᠠᠶᠢᠲ᠋ᠠ ᠵᠡᠷᠭᠡ3 ᠬᠦᠴᠦᠳᠡᠯ ᠥᠭᠡᠷᠡᠴᠢᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ᠃ ︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾ ᠬᠦᠴᠦᠯᠡᠴᠡ ᠪᠠᠨ ᠨᠡᠮᠡᠭᠳᠡᠭᠦᠯᠵᠦ᠂ ᠬᠥᠰᠢᠮᠡᠯ ᠠᠵᠤ ᠠᠬᠤᠶᠢᠯᠠᠯ ᠠᠴᠠ ᠡᠮᠬᠢ ᠴᠡᠭᠴᠡ ᠲᠠᠢ ᠤᠬᠤᠷᠢᠨ ᠭᠠᠷᠴᠤ᠂ ᠰᠢᠯᠢᠳᠡᠭ ᠲᠥᠷᠦᠯ ᠵᠦᠢᠯ ᠤᠨ ᠭᠠᠵᠠᠷ ᠰᠢᠷᠣᠢ ᠶᠢᠨ ᠣᠷᠣᠨ ᠵᠠᠢ  ᠶᠢ ᠰᠤᠯᠠᠯᠠᠵᠤ ᠥᠭᠭᠦᠨ᠎ᠡ᠃ ᠬᠦᠷᠢᠶᠡᠯᠡᠩ ᠲᠣᠭᠤᠷᠢᠭ ᠤᠨ 2 ᠲᠦᠮᠡᠨ ᠲᠣᠨ ᠪᠣᠬᠢᠷ ᠤᠰᠤ ᠰᠢᠢᠳᠪᠦᠷᠢᠯᠡᠬᠦ ᠤᠶᠢᠯᠡᠤᠡᠪᠤᠷᠢ ᠵᠢᠨ‌ᠥᠭᠡᠷᠡᠴᠢᠯᠡᠯᠲᠡ ᠶᠢ ᠪᠡᠶᠡᠯᠡᠭᠦᠯᠵᠦ᠂ ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠲᠠᠯᠠᠪᠠᠢ ᠵᠢᠴᠢ ᠪᠣᠯᠣᠳ ᠤᠨ ᠰᠢᠭᠠᠷᠤ ᠰᠢᠢᠤᠡᠪᠤᠷᠢᠯᠡᠬᠦ ᠲᠥᠷᠥᠯ ᠵᠤᠶᠢᠯ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠬᠠᠮᠠᠭᠠᠯᠠᠬᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃    ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠨ᠎ᠠ᠃ ᠵᠢᠶᠠᠨ ᠯᠦᠩ ᠪᠦᠦ ᠭᠠᠩ ᠸᠠᠨ ᠲᠧᠩ᠂ ᠬᠠᠳᠤᠨ ᠭᠤᠤᠯ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠰᠠᠶᠢᠰ  ᠵᠡᠷᠭᠡ ᠠᠵᠤ ᠠᠬᠤᠶᠢᠯᠠᠯ ᠢ ᠤᠯᠤᠰ ᠎ ᠤᠨ  ᠳᠡᠭᠡᠳᠤ ᠰᠢᠨ᠎ᠡ ᠮᠡᠷᠭᠡᠵᠢᠯ ᠤᠨ ᠠᠵᠤ ᠠᠬᠤᠢᠯᠠᠯ ᠢ ᠢᠳᠡᠪᠬᠢᠲᠡᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠳᠡᠭᠡᠳᠦ ᠰᠤᠷᠭᠠᠭᠤᠯᠢ ᠠᠵᠤ ᠠᠬᠤᠶᠢᠯᠠᠯ ᠤᠨ ᠬᠤᠷᠰᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠵᠢ‌ᠡᠭᠦᠤᠡᠬᠦ ᠡᠬᠢ ᠪᠠᠶᠠᠯᠢᠭ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠲᠡᠳᠡᠨ ᠠᠪᠴᠢᠷᠠᠵᠤ ᠮᠠᠨ ᠤ ᠲᠤᠭᠤᠷᠢᠭ ᠲᠤ ᠰᠢᠯᠵᠢᠭᠦᠯᠦᠨ ᠬᠡᠷᠡᠭᠯᠡᠬᠦ ᠬᠡᠷᠡᠭᠲᠡᠢ᠃ ︵ᠲᠦᠷᠪᠡ︶ ᠬᠠᠩᠭᠠᠯᠭ᠎ᠠ ᠶᠢᠨ ᠲᠠᠯ᠎ᠠ ᠵᠢᠨ‌ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠪᠦᠲᠦᠮᠵᠢᠲᠡᠶ ᠬᠡᠷᠡᠭᠴᠡᠭᠡ ᠶᠢ ᠥᠷᠭᠡᠳᠬᠡᠨ᠎ᠡ    ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠬᠤᠲᠠ ᠶᠢ ᠪᠦᠳᠤᠭᠡᠨ  ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠤᠶᠢᠯᠡᠴᠥᠯᠡᠭᠡᠨ ᠤ ᠦᠶ᠋ᠯᠡᠰ ᠤᠨ ᠳᠡᠰ ᠳᠡᠪᠰᠢᠬᠦ ᠶᠠᠰᠤ ᠴᠢᠨᠠᠷ ᠢ ᠳᠡᠭᠡᠭᠰᠢᠯᠡᠭᠦᠯᠬᠦ ᠶᠢ ᠬᠡᠷᠡᠭᠯᠡᠭᠡ ᠵᠢ‌‍ᠲ᠋ᠠᠶᠢᠴᠢᠯᠠᠬᠤ ᠭᠠᠷᠳᠠᠴᠠ ᠪᠣᠯᠭᠠᠵᠤ᠂ ᠨᠡᠩ ᠴᠢᠨᠠᠷ ᠰᠠᠶᠢᠲᠠᠶ ᠤᠶᠢᠯᠡᠤᠡᠭᠦᠨ᠂ ᠨᠡᠩ ᠡᠯᠪᠡᠭ ᠪᠠᠶᠠᠯᠢᠭ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠨᠡᠩ ᠳᠥᠭᠦᠮ ᠳᠥᠲᠡ ᠤᠶᠢᠯᠡᠴᠢᠯᠡᠭᠡ ᠪᠠᠷ ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠲᠠᠪᠤᠨ ᠣᠳᠣᠨ ᠲᠡᠰ ᠤᠨ ᠵᠢᠶᠠᠨ ᠭᠦᠸᠧ ᠵᠣᠴᠢᠳ ᠤᠨ ᠪᠠᠭᠤᠳᠠᠯ ᠢ ᠪᠠᠶᠢᠭᠤᠯᠤᠨ ᠡᠵᠡᠩᠨᠡᠬᠦ ᠶᠢ ᠠᠬᠢᠭᠤᠯᠵᠤ᠂ ᠸᠠᠨ ᠳ᠋ᠠ ᠬᠤᠶᠢᠲᠤ ᠲᠠᠯᠠᠪᠠᠢ ᠶᠢᠨ ᠠᠮᠢ ᠠᠬᠤᠢ ᠶᠢᠨ ᠲᠡᠷᠭᠡᠨ ᠵᠣᠭᠰᠣᠭᠠᠯ ᠢ ᠡᠬᠢᠯᠡᠨ ᠪᠠᠶᠢᠭᠤᠯᠵᠤ᠂ ᠨᠡᠶᠢᠭᠡᠮ ᠤᠨ ᠬᠥᠷᠥᠩᠭᠡ ᠶᠢ ᠠᠰᠢᠭᠯᠠ ᠸᠠᠨ ᠳ᠋ᠠ ᠠᠭᠤᠳᠠᠮ ᠲᠠᠯᠠᠪᠠᠢ ᠶᠢᠨ ᠵᠡᠭᠡᠯᠢ ᠥᠩᠭᠡᠷᠡᠬᠦ ᠬᠥᠭᠦᠷᠭᠡ ᠪᠠᠶᠢᠭᠤᠯᠵᠤ᠂ ᠬᠤᠲᠠ ᠶᠢᠨ ᠲᠣᠭᠤᠷᠢᠭ ᠤᠨ ᠡᠮᠦᠨ᠎ᠡ ᠬᠡᠰᠡᠭ ᠤᠨ ᠸᠠᠨ ᠳ᠋ᠠ ᠬᠤᠳᠠᠯᠳᠤᠭᠠᠨ ᠤ ᠲᠣᠭᠤᠷᠢᠭ ᠤᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ︔ ᠵᠢᠦ ᠯᠦᠩ ᠣᠯᠠᠨ ᠤᠯᠤᠰ ᠎ ᠤᠨ ᠬᠤᠳᠠᠯᠳᠤᠭᠠᠨ ᠤ ᠴᠣᠭᠴᠠ ᠶᠢᠨ ᠠᠵᠢᠯ ᠡᠬᠢᠯᠡᠬᠦ ᠶᠢ ᠪᠠᠲᠤᠯᠠᠵᠤ᠂ ᠶᠦᠩ ᠬᠤᠢ ᠬᠡᠲᠦ ᠳᠡᠯᠭᠡᠭᠦᠷ᠂ ᠰᠦ ᠨᠢᠩ ᠤᠨ ᠠᠮᠠᠷᠬᠠᠨ ᠬᠤᠳᠠᠯᠳᠤᠨ ᠠᠪᠬᠤ ᠲᠣᠮᠣ ᠬᠤᠳᠠᠯᠳᠤᠭᠠᠨ ᠤ ᠲᠠᠯᠠᠪᠠᠢ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠤᠲᠠ ᠶᠢᠨ ᠲᠣᠭᠤᠷᠢᠭ ᠤᠨ ᠬᠤᠶᠢᠲᠤ ᠬᠡᠰᠡᠭ ‍ᠤᠨ‌ᠬᠤᠳᠠᠯᠳᠤᠭ᠎ᠠ  ᠠᠷᠠᠯᠵᠢᠶᠠᠨ ᠤ ᠦᠢᠯᠡᠰ ᠤᠨ ᠳᠤᠲᠠᠭᠤᠳᠠᠯ ᠢ ᠨᠥᠬᠦᠪᠥᠷᠢᠯᠡᠨ᠎ᠡ᠃ ᠣᠳᠣ ᠪᠠᠶᠢᠭ᠎ᠠ ᠢᠳᠡᠭᠡᠨ ᠤᠮᠳᠠᠭᠠᠨ ᠲᠥᠪᠯᠡᠷᠡᠭᠰᠡᠨ ᠣᠷᠣᠨ ᠪᠦᠰᠡ ᠪᠠ ᠪᠠᠷᠠᠭ᠎ᠠ ᠬᠤᠳᠠᠯᠳᠤᠨ ᠠᠪᠬᠤ ᠬᠤᠳᠠᠯᠳᠤᠭᠠᠨ ᠤ ᠲᠣᠭᠤᠷᠢᠭ ᠲᠤ ᠲᠦᠰᠢᠭᠯᠡᠨ᠂ ᠰᠥᠨᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠢ ᠪᠤᠶᠢᠵᠢᠭᠤᠯᠤᠨ ᠪᠤᠢ ᠪᠣᠯᠭᠠᠵᠤ᠂ ᠬᠡᠷᠡᠭᠯᠡᠭᠡ᠂ ᠰᠣᠶᠣᠯ ᠴᠡᠩᠭᠡᠯ ᠤᠨ ᠠᠵᠢᠯᠯᠠᠭ᠎ᠠ ᠶᠢ ᠬᠥᠲᠥᠯᠥᠨ ᠵᠢᠯᠣᠭᠤᠳᠴᠤ ᠰᠥᠨᠢ ᠲᠡᠰᠢ ᠤᠷᠲᠤᠳᠬᠠᠨ᠎ᠠ᠃ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠢᠭᠡᠳᠦᠭᠡᠷ ᠪᠠᠷᠠᠭ᠎ᠠ ᠶᠢᠨ ᠭᠦᠢᠯᠭᠡᠭᠡᠨ ᠤ ᠵᠠᠰᠠᠮᠠᠯ ᠵᠠᠮ ᠤᠨ ᠭᠠᠷᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠶᠠᠨ ᠯᠦᠩ ᠪᠦᠦ ᠭᠠᠩ ᠸᠠᠨ ᠲᠧᠩ ᠤᠨ ᠶᠡᠭᠡ ᠬᠡᠮᠵᠢᠶᠡᠨ ᠤ ᠪᠣᠯᠣᠳ ᠲᠡᠮᠦᠷ ᠤᠨ ᠬᠡᠤᠷᠡᠰᠦᠨ ᠤ ᠪᠣᠳᠠᠰ ᠤᠨ ᠭᠦᠢᠯᠭᠡᠭᠡᠨ ᠤ ᠬᠥᠭᠵᠢᠯᠲᠡ ᠶᠢᠨ ᠲᠣᠭᠤᠷᠢᠨ ᠳᠤ ᠵᠢᠵᠢᠭ ᠲᠠᠷᠠᠬᠠᠶ ᠨᠡᠭᠦᠷᠡᠰᠦᠨ ᠠᠭᠤᠷᠬᠠᠶ ᠶᠢᠨ ᠲᠠᠯᠠᠪᠠᠶ  ᠶᠢ  ᠲᠥᠪᠯᠡᠷᠡᠭᠦᠯᠦᠨ ᠠᠭᠤᠷᠬᠠᠶ ᠶᠢᠨ ᠣᠷᠣᠨ ᠤ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠵᠤᠢ᠃ ᠰᠠᠢ ᠰᠢᠩ ᠠᠮᠤ ᠪᠤᠳᠠᠭ᠎ᠠ ᠬᠥᠮᠥᠷᠭᠡᠯᠡᠬᠦ᠂ ᠭᠠᠷ ᠳᠠᠮᠵᠢᠭᠰᠠᠨ ᠮᠠᠰᠢᠨ ᠲᠡᠷᠭᠡ ᠠᠷᠠᠯᠵᠢᠶᠠᠯᠠᠬᠤ ᠵᠠᠬ᠎ᠠ‌‍ᠲ᠋ᠡᠯᠭᠡᠭᠦᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ ᠪᠣᠳᠠᠲᠠᠢ ᠲᠠᠢ ᠣᠶᠢᠷᠠᠯᠴᠠᠭ᠎ᠠ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ᠃ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ ᠪᠠ ︽ᠬᠤᠤᠰ  ᠬᠤᠲᠠ ᠬᠤᠯᠪᠣᠭᠠᠯᠠᠨ ᠴᠣᠭᠴᠠᠯᠠᠬᠤ︾᠎ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠵᠤᠭᠠᠴᠠᠯ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠳ᠋ᠦᠩ ᠱᠠᠨ ᠾᠧ ᠼᠤᠤ ᠶᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ ᠹᠧᠩ ᠬᠤᠸᠠᠩ ᠤᠨ ᠵᠢᠵᠢᠭ ᠪᠠᠯᠭᠠᠰᠤᠨ ᠤ  ᠲᠦᠷᠤᠯ ᠵᠦᠢᠯ ᠢ ᠠᠬᠢᠭᠤᠯᠵᠤ᠂ ᠬᠤᠲᠠ ᠲᠣᠭᠤᠷᠢᠭ ᠤᠨ ᠬᠤᠶᠢᠲᠤ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ᠂ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠪᠣᠯᠤᠨ ᠣᠷᠣᠰᠢᠨ ᠰᠠᠭᠤᠬᠤ ᠣᠷᠴᠢᠨ ᠲᠣᠭᠤᠷᠢᠨ  ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠡᠯᠡᠭᠦᠴᠡᠨ ᠵᠤᠭᠠᠴᠠᠬᠤ ᠣᠷᠣᠨ ᠪᠣᠯᠤᠨ ᠬᠤᠲᠠ ᠶᠢᠨ ︽ᠠᠷᠤ ᠴᠡᠴᠡᠷᠯᠢᠭ︾᠎ ᠢ ᠴᠢᠷᠮᠠᠶᠢᠨ ᠪᠠᠶᠢᠭᠤᠯᠤᠨ᠎ᠠ᠃  ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠶ ᠪᠠᠷ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠪᠡᠯᠡ ᠮᠥᠩᠭᠦ ᠶᠢᠨ ᠨᠡᠶᠢᠭᠡᠮ ᠤᠨ ᠬᠥᠷᠥᠩᠭᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠤᠵᠢ ᠶᠢᠨ ᠵᠠᠮ  ᠤᠨ S217 ᠲᠤᠰᠠᠯᠠᠬᠤ ᠵᠠᠮ ᠤᠨ ᠢᠨᠵᠧᠨᠧᠷᠢᠩ ᠢ ᠠᠬᠢᠭᠤᠯᠵᠤ᠂ ᠬᠠᠶᠢᠯᠠᠷ ᠵᠠᠮ  ᠢ ᠤᠷᠲᠤᠳᠬᠠᠬᠤ ᠵᠡᠷᠭᠡ 3 ᠵᠤᠷᠪᠤᠰ ᠬᠤᠲᠠ ᠶᠢᠨ ᠲᠣᠭᠤᠷᠢᠭ ᠤᠨ ᠮᠤᠬᠤᠷ ᠵᠠᠮ ᠢ ᠨᠡᠪᠲᠡᠷᠡᠭᠦᠯᠬᠦ ᠪᠠᠷ ᠴᠢᠷᠮᠠᠶᠢᠵᠤ᠂ ᠠᠷᠠᠳ ᠤᠨ ᠵᠠᠮ ᠵᠡᠷᠭᠡ 4 ᠵᠤᠷᠪᠤᠰ ᠵᠡᠭᠡᠯᠢ ᠭᠤᠳᠤᠮᠵᠢ ᠶᠢ ᠵᠠᠰᠠᠨ ᠥᠭᠡᠷᠡᠴᠢᠯᠡᠵᠦ᠂ ᠤᠰᠤᠨ ᠳᠤ ᠡᠪᠳᠡᠭᠳᠡᠭᠰᠡᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠵᠠᠮ ᠤᠨ ᠲᠣᠤᠷ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ᠎ᠡ᠃ ᠬᠠᠭᠤᠴᠢᠨ ᠬᠤᠲᠠ ᠶᠢᠨ ᠲᠣᠭᠤᠷᠢᠭ ᠤᠨ ᠪᠣᠬᠢᠷ ᠤᠰᠤ ︵ᠪᠣᠷᠣᠭᠠᠨ︶ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠤᠰᠤ ᠴᠠᠬᠢᠯᠭᠠᠨ ᠳᠤᠯᠠᠭᠠᠯᠠᠭ᠎ᠠ ᠶᠢᠨ ᠰᠢᠲᠠᠮᠠᠬᠠᠶ ᠬᠡᠢ ᠵᠡᠷᠭᠡ ᠲᠤᠰᠬᠠᠶ ᠺᠣᠮᠫᠠᠨᠢ ᠶᠢ ᠵᠣᠬᠢᠴᠠᠭᠤᠯᠤᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠲᠦᠷᠭᠡᠳᠬᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢᠨ 2 ᠶᠡᠷᠦᠩᠬᠡᠶ ᠴᠣᠭᠴᠠ ᠪᠠ 21 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠃  ︵ᠲᠠᠪᠤ︶ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠴᠡᠭᠡᠯ ᠠᠭᠤᠯᠠ ᠪᠠᠯᠭᠠᠰᠤ ᠪᠦᠬᠦ ᠤᠯᠤᠰ ᠤᠨ ᠲᠠᠷᠢᠶᠠᠯᠠᠩ ᠤᠨ ᠠᠵᠤ ᠤᠶᠢᠯᠡᠰ ᠤᠨ ᠬᠦᠴᠦᠷᠬᠡᠭ ᠪᠠᠯᠭᠠᠰᠤ ᠶᠢᠨ ᠪᠦᠳᠤᠭᠡᠨ ᠪᠠᠶᠢᠭᠤᠯᠤᠯᠲᠠ  ᠶᠢ ᠥᠷᠨᠢᠭᠦᠯᠬᠦ ᠪᠠᠷ ᠵᠥᠪᠰᠢᠶᠡᠷᠡᠭᠳᠡᠭᠰᠡᠨ ᠢᠶᠠᠷ ᠠᠵᠠ ᠲᠣᠬᠢᠶᠠᠯ ᠪᠤᠯᠠᠭᠠᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ ᠦᠵᠦᠮ ᠢᠶᠠᠷ ᠭᠤᠤᠯ ᠪᠣᠯᠭᠠᠭᠰᠠᠨ ᠣᠨᠴᠠᠯᠢᠭᠲᠤ ᠲᠠᠷᠢᠶᠠᠯᠠᠩ ᠢ ᠭᠤᠤᠯᠳᠠᠯᠭ᠎ᠠ ᠲᠠᠢ ᠬᠥᠭᠵᠢᠭᠦᠯᠵᠦ᠂ ᠬᠠᠨ ᠰᠧᠨ᠂ ᠮᠧᠩ ᠭᠧᠨ ᠬᠤᠸᠠ᠂ ᠶᠦᠨ ᠹᠸᠢ ᠵᠡᠷᠭᠡ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ ᠤᠨ ᠦᠵᠦᠮ ᠲᠠᠷᠢᠬᠤ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠤᠨ ᠳᠡᠮᠵᠢᠨ᠎ᠡ᠃ ᠭᠠᠵᠠᠷ ᠰᠢᠷᠣᠶ ᠶᠢ ᠪᠦᠲᠦᠮᠵᠢᠲᠡᠶ ᠡᠷᠭᠢᠯᠳᠦᠭᠦᠯᠬᠦ ᠶᠢ ᠪᠡᠶᠡᠯᠡᠭᠦᠯᠦᠨ᠎ᠡ᠃ ᠶᠦᠨ ᠹᠧᠢ ᠶᠢᠨ ᠵᠢᠵᠢᠭ ᠬᠡᠯᠪᠡᠷᠢ ᠶᠢᠨ ᠳᠡᠭᠡᠳᠤ  ᠲᠡᠰ ᠤᠨ ᠠᠷᠢᠬᠢᠨ ᠮᠤᠬᠬᠤᠯᠠᠭ ᠤᠨ ᠦᠵᠦᠮ ᠤᠨ ᠠᠷᠢᠬᠢ ᠶᠢᠨ ᠨᠡᠷᠡᠳᠤ  ᠲᠡᠮᠳᠡᠭ ᠢ ᠡᠭᠦᠳᠴᠦ᠂ ᠬᠠᠨᠰᠤᠨ ᠠᠷᠢᠬᠢᠨ ᠫᠦᠰᠡ ᠶᠢᠨ ᠴᠢᠨᠠᠷ  ᠢ  ᠳᠡᠭᠡᠭᠰᠢᠯᠡᠭᠦᠯᠦᠨ ᠬᠥᠭᠵᠢᠭᠦᠯᠬᠦ ᠶᠢ ᠠᠬᠢᠭᠤᠯᠵᠤ᠂ ᠲᠢᠶᠠᠨ ᠢᠦᠶ ᠵᠦᠩ ᠢ ᠡᠯᠡᠰᠦᠨ ᠴᠥᠯ ᠤᠨ ᠠᠷᠢᠬᠢᠨ ᠫᠦᠰᠡ ᠶᠢᠨ ᠠᠵᠢᠯ ᠡᠬᠢᠯᠡᠭᠦᠯᠬᠦ ᠪᠠᠷ ᠴᠢᠷᠮᠠᠶᠢᠵᠤ᠂ ᠡᠯᠡᠰᠦᠨ ᠴᠦᠯ ᠤᠨ ᠦᠵᠦᠮ ᠤᠨ ᠠᠷᠢᠬᠢ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠭᠦᠯᠤᠨ᠎ᠡ᠃ ᠲᠠᠷᠢᠶᠠᠴᠢᠨ ᠠᠶᠢᠯ ᠤᠨ ᠵᠤᠭᠠᠴᠠᠯ᠂ ᠰᠡᠯᠡᠭᠦᠴᠡᠨ ᠲᠡᠭᠦᠬᠦ ᠲᠣᠭᠤᠷᠢᠨ ᠦᠵᠡᠬᠦ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠬᠥᠭᠵᠢᠭᠦᠯᠵᠦ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠭᠠᠭ᠋ᠠᠶ ᠶᠢᠨ ᠪᠠᠶᠠᠷ ᠵᠡᠷᠭᠡ ᠲᠠᠷᠢᠶᠠᠯᠠᠬᠤ ᠣᠷᠣᠨ ᠤ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠲᠠᠷᠢᠶᠠᠯᠠᠬᠤ ᠣᠷᠣᠨ ᠤ ᠵᠢᠭᠤᠯᠴᠢᠯᠠᠯ ᠢ ᠴᠤᠭᠯᠠᠷᠠᠭᠤᠯᠬᠤ ᠬᠡᠷᠡᠭᠲᠡᠶ᠃ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ᠂ ︽ᠳᠥᠷᠪᠡᠨ ᠰᠠᠶᠢᠨ ᠬᠥᠳᠡᠭᠡ ᠲᠣᠰᠬᠤᠨ ᠤ  ᠵᠠᠮ︾᠎ ᠢ ᠦᠷᠭᠦᠯᠵᠢᠯᠡᠨ ᠰᠠᠶᠢᠲᠤᠷ ᠪᠠᠶᠢᠭᠤᠯᠵᠤ᠂ ᠲᠠᠷᠢᠶᠠᠯᠠᠬᠤ ᠣᠷᠣᠨ ᠤ 510 ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ 5 ᠵᠠᠰᠠᠭ ᠵᠠᠬᠢᠷᠭᠠᠨ ᠤ ᠲᠣᠰᠬᠤᠨ ᠤ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠬᠠᠮᠢᠶᠠᠷᠴᠤ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠤᠭᠳᠠᠴᠠ ᠶᠢ ᠪᠦᠷᠢᠨ ᠪᠣᠯᠭᠠᠨ᠂ ᠠᠶᠢᠯ ᠲᠣᠰᠬᠤᠨ ᠤ ᠴᠡᠪᠡᠷ ᠲᠡᠭᠰᠢ ᠡᠮᠬᠢ ᠵᠢᠷᠤᠮ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃    ᠬᠤᠲᠠ ᠶᠢᠨ ᠣᠷᠣᠨ ᠰᠠᠭᠤᠴᠠ ᠶᠢᠨ ᠣᠷᠴᠢᠨ ᠲᠣᠭᠤᠷᠢᠨ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠤᠤᠰ  ᠬᠤᠲᠠ ᠬᠤᠯᠪᠣᠭᠠᠯᠠᠨ ᠡᠭᠦᠳᠬᠦ︾ ᠠᠵᠢᠯ ᠲᠠᠢ ᠤᠶᠠᠯᠳᠤᠭᠤᠯᠤᠨ᠂ ︽ᠭᠤᠷᠪᠠ ᠶᠢ ᠬᠠᠩᠭᠠᠬᠤ ᠨᠢᠭᠡ ᠦᠢᠯᠡᠰ︾᠎ ᠤᠨ 7 ᠣᠷᠣᠨ ᠰᠠᠭᠤᠴᠠ ᠶᠢᠨ ᠲᠣᠭᠤᠷᠢᠭ  ᠢ  ᠵᠠᠰᠠᠨ ᠰᠢᠨᠡᠳᠬᠡᠵᠦ᠂ 7 ᠬᠠᠭᠤᠴᠢᠨ ᠲᠣᠭᠤᠷᠢᠭ ᠪᠠ 6 ᠳᠥᠭᠦᠮ ᠪᠦᠳᠦᠴᠡᠳᠦ ᠪᠤᠰᠤ ᠣᠷᠣᠨ ᠰᠠᠭᠤᠴᠠ ᠶᠢᠨ ᠲᠣᠭᠤᠷᠢᠭ  ᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 5 ᠬᠤᠲᠠ ᠶᠢ ᠨᠤᠷᠠᠭᠠᠨ ᠪᠠᠶᠢᠭᠤᠯᠵᠤ ᠣᠷᠬᠢᠭᠰᠠᠨ ᠭᠠᠵᠠᠷ ᠢ ᠴᠡᠪᠡᠷᠯᠡᠵᠦ᠂ ᠣᠷᠬᠢᠭᠳᠠᠭᠰᠠᠨ ᠥᠨᠴᠥᠭ ᠪᠤᠯᠤᠩ ᠤᠨ ᠨᠠᠶᠢᠷ ᠲᠠᠯᠪᠢᠬᠤ ᠲᠥᠯᠥᠪᠵᠢᠭᠦᠯᠭᠡ ᠶᠢᠨ ᠤᠯᠠᠭᠠᠨ ᠱᠤᠭᠤᠮ ᠤᠨ ᠠᠰᠠᠭᠤᠳᠠᠯ ᠢ ᠦᠨᠡᠨ ᠪᠣᠳᠠᠲᠠᠶ ᠪᠠᠷ ᠰᠢᠢᠤᠡᠪᠤᠷᠢᠯᠡᠵᠤ᠂ ᠵᠡᠭᠡᠯᠢ ᠶᠢᠨ ᠵᠢᠵᠢᠭ ᠭᠤᠳᠤᠮᠵᠢ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ︽ᠵᠢᠷᠭᠤᠭᠠᠨ ᠵᠢᠵᠢᠭ ᠠᠵᠢᠯ ᠲᠥᠷᠥᠯ︾᠎ ᠢ ᠴᠡᠪᠡᠷᠯᠡᠨ ᠴᠡᠭᠴᠡᠯᠡᠬᠦ ᠠᠵᠢᠯ ᠢ ᠦᠷᠭᠦᠯᠵᠢᠯᠡᠨ ᠴᠢᠩᠭᠠᠷᠠᠭᠤᠯᠤᠨ᠎ᠠ᠃ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠪᠤᠣ ᠶᠢᠨ ᠥᠨᠳᠥᠷ ᠬᠤᠷᠳᠤᠴᠠᠲᠤ ᠲᠡᠮᠦᠷ ᠵᠠᠮ᠂ ᠮᠤᠵᠢ ᠶᠢᠨ ᠲᠡᠰ ᠤᠨ ᠵᠠᠮ S217 ᠵᠡᠷᠭᠡ ᠭᠤᠣᠯᠳᠠᠯᠭ᠎ᠠ ᠲᠠᠢ ᠲᠦᠷᠤᠯ  ᠵᠦᠢᠯ ᠢ ᠲᠠᠲᠠᠪᠤᠷᠢᠯᠠᠬᠤ ᠠᠵᠢᠯ ᠢ ᠲᠦᠷᠭᠡᠳᠬᠡᠵᠦ᠂ ᠭᠤᠣᠯᠳᠠᠯᠭ᠎ᠠ ᠲᠠᠢ ᠠᠯᠪᠠᠨ ᠠᠴᠠ ᠪᠠᠶᠢᠭᠤᠯᠬᠤ ᠲᠥᠷᠦᠯ ᠵᠤᠶᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠤᠨ ᠡᠭᠦᠷᠭᠡ ᠪᠠᠨ ᠪᠡᠶᠡᠯᠡᠭᠦᠯᠵᠦ᠂ ᠲᠣᠭᠤᠷᠢᠭ ᠤᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠦᠬᠦᠨ ᠢ ᠬᠠᠮᠤᠷᠬᠤ ᠶᠢ ᠦᠨᠡᠨᠬᠦ ᠪᠠᠶᠢᠭᠤᠯᠬᠤ  ᠶᠢ ᠪᠠᠲᠤᠯᠠᠵᠤ᠂ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ  ᠢ ᠦᠨᠳᠦᠰᠦᠨ ᠲᠡᠭᠡᠨ  ᠪᠠᠶᠢᠭᠤᠯᠬᠤ ᠶᠢ ᠦᠨᠡᠨᠬᠦ ᠪᠠᠲᠤᠯᠠᠨ᠎ᠠ᠃ ᠬᠤᠲᠠ ᠶᠢᠨ ᠳᠦᠷᠰᠦ ᠪᠠᠶᠢᠳᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠵᠢᠯ ᠲᠥᠷᠥᠯ ᠤᠨ ᠲᠥᠪᠯᠡᠷᠡᠭᠰᠡᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠠᠮᠠᠷᠬᠠᠨ ᠪᠣᠬᠢᠷᠲᠤᠬᠤ ᠠᠵᠢᠯ ᠲᠥᠷᠥᠯ ᠤᠨ ᠣᠷᠣᠬᠤ ᠶᠢ ᠬᠢᠵᠠᠭᠠᠷᠯᠠᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠬᠤᠤᠰ ᠬᠤᠲᠠ ᠬᠤᠯᠪᠣᠭᠠᠯᠠᠨ ᠴᠣᠭᠴᠠᠯᠠᠭᠰᠠᠨ︾ ᠦᠷ᠎ᠡ ᠪᠦᠲᠦᠭᠡᠯ ᠢ ᠪᠠᠬᠢᠵᠢᠭᠦᠯᠵᠦ᠂ ᠰᠢᠭᠠᠷᠤ ᠶᠢ ᠴᠡᠪᠡᠷᠯᠡᠨ ᠳᠡᠭᠡᠭᠰᠢᠯᠡᠭᠦᠯᠬᠦ ᠵᠡᠷᠭᠡ ᠡᠯ᠎ᠡ ᠲᠥᠷᠥᠯ ᠤᠨ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠷᠭ᠎ᠠ ᠶᠢ ᠪᠠᠶᠢᠭᠤᠯᠵᠤ᠂ ᠣᠶᠤᠨᠴᠢ ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠳᠠᠯ ᠠᠬᠤᠶ ᠶᠢᠨ ᠺᠣᠮᠫᠠᠨᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠤᠶᠠᠯᠳᠤᠭᠤᠯᠤᠨ ᠲᠤᠰᠠᠭᠠᠷ ᠠᠰᠠᠷ ᠢ ᠵᠢᠵᠢᠭ ᠲᠣᠭᠤᠷᠢᠭ ᠤᠨ ᠠᠳᠠᠯ ᠠᠬᠤᠶ ᠶᠢᠨ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠤᠨ᠎ᠠ᠃   ︵ᠵᠢᠷᠭᠤᠭ᠎ᠠ︶ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ    ᠪᠣᠬᠢᠷᠲᠤᠯ ᠦᠭᠡᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠣᠷᠣᠨ ᠤ ᠨᠣᠭᠤᠭᠠᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠤ ᠠᠬᠤᠶᠢᠯᠠᠯ ᠤᠨ ᠠᠮᠢ ᠠᠬᠤᠢ ᠶᠢ  ᠰᠡᠷᠭᠦᠭᠡᠬᠦ ᠠᠵᠢᠯ ᠢ ᠢᠳᠡᠪᠬᠢᠲᠡᠢ ᠠᠬᠢᠭᠤᠯᠵᠤ᠂ 2 ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠠᠭᠤᠷᠬᠠᠢ ᠶᠢᠨ ᠣᠷᠣᠨ ᠤ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠠᠭᠤᠷᠬᠠᠢ ᠶᠢᠨ ᠣᠷᠣᠨ ᠤ ᠡᠮᠦᠨ᠎ᠡ ᠬᠡᠰᠡᠭ᠂ ᠬᠤᠶᠢᠲᠤ ᠬᠡᠰᠡᠭ ᠤᠨ ᠤᠰᠤ ᠬᠠᠩᠭᠠᠬᠤ ᠬᠤᠭᠤᠯᠠᠢ ᠶᠢᠨ ᠲᠣᠣᠷ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠭᠤᠷᠬᠠᠢ ᠶᠢᠨ ᠣᠷᠣᠨ ᠤ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠶᠢ ᠪᠠᠲᠤᠯᠠᠵᠤ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ  ᠢ ᠪᠦᠲᠦᠮᠵᠢᠲᠡᠢ ᠰᠠᠶᠢᠵᠢᠷᠠᠭᠤᠯᠤᠨ᠎ᠠ᠃ ᠬᠤᠲᠠ ᠶᠢᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠴᠡᠴᠡᠷᠯᠢᠭ᠂ ᠵᠠᠮ ᠱᠤᠭᠤᠮ ᠤᠨ ᠨᠣᠭᠤᠭᠠᠷᠠᠭᠤᠯᠤᠯᠲᠠ ᠶᠢᠨ ᠴᠢᠨᠠᠷ ᠴᠢᠨᠰᠠᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ 1᠎ ᠠᠴᠠ 5 ᠵᠡᠭᠡᠯᠢ ᠭᠤᠳᠤᠮᠵᠢ ᠶᠢᠨ ᠵᠠᠩᠭᠢᠯᠠᠭ᠎ᠠ ᠶᠢᠨ ᠴᠡᠭ ᠤᠨ ᠪᠢᠴᠢᠯ ᠴᠡᠴᠡᠷᠯᠢᠭ ᠢ ᠴᠢᠷᠮᠠᠶᠢᠨ ᠬᠡᠷᠡᠭᠵᠢᠭᠦᠯᠵᠦ᠂ ︽ᠨᠣᠭᠤᠭᠠᠷᠠᠭᠤᠯᠬᠤ︾ ᠠᠷᠭ᠎ᠠ ᠮᠠᠶ᠋ᠢᠭ ᠢ ᠬᠡᠷᠡᠭᠯᠡᠨ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ ᠶᠢ ᠨᠡᠮᠡᠭᠳᠡᠭᠦᠯᠦᠨ᠎ᠡ᠃ ᠬᠤᠲᠠ ᠶᠢᠨ ᠪᠣᠬᠢᠷᠲᠤᠯ ᠦᠭᠡᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠪᠤᠢ ᠪᠣᠯᠭᠠᠨ᠎ᠠ᠃ᠲᠥᠷᠥᠯ ᠵᠤᠶᠢᠯ ᠤᠨ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠰᠠᠬᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠪᠣᠯᠤᠨ ᠪᠣᠬᠢᠷᠲᠤᠯ ᠦᠭᠡᠢ ᠣᠷᠴᠢᠯᠳᠤᠭᠤᠯᠤᠨ ᠬᠥᠭᠵᠢᠭᠦᠯᠬᠦ ᠪᠠᠶᠢᠷᠢ ᠲᠣᠭᠲᠠᠭᠠᠯᠲᠠ ᠳᠤ ᠨᠡᠶᠢᠴᠡᠬᠦ ᠦᠭᠡᠢ ᠲᠥᠷᠥᠯ ᠵᠤᠶᠢᠯ ᠢ ᠮᠠᠨ ᠤ ᠲᠤᠭᠤᠷᠢᠭ ᠲᠤ ᠣᠷᠣᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠡᠭᠦᠷᠡᠰᠦ᠂ ᠬᠡᠤᠷᠰᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠢ ᠬᠥᠲᠥᠯᠥᠨ ᠵᠢᠯᠣᠭᠤᠳᠴᠤ ᠪᠠᠶᠢᠭᠠᠳ ᠤᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠥᠭᠡᠷᠡᠴᠢᠯᠡᠯᠲᠡ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠪᠣᠬᠢᠷᠲᠤᠯ ᠦᠭᠡᠢ ᠤᠶᠢᠯᠡᠤᠡᠪᠤᠷᠢᠯᠡᠯ᠂ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠡᠷᠬᠢᠯᠳᠡᠵᠢᠬᠦᠯᠬᠦ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠡᠴᠦᠰ ᠤᠨ ᠬᠤᠭᠤᠴᠠᠭᠠᠨ ᠤ ᠰᠢᠯᠭᠠᠨ ᠬᠤᠷᠢᠶᠠᠬᠤ ᠪᠠᠷ ᠳᠠᠮᠵᠢᠨ᠂ ᠬᠦᠷᠢᠶᠡᠯᠡᠩ ᠲᠣᠭᠤᠷᠢᠭ ᠤᠨ ᠡᠷᠬᠢᠯᠳᠡᠳᠦ ᠬᠥᠭᠵᠢᠯᠲᠡ ᠳᠤ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠣᠯᠵᠤ ᠥᠭᠬᠦ ᠶᠢ ᠦᠨᠡᠨᠬᠦ ᠪᠠᠲᠤᠯᠠᠨ᠎ᠠ᠃ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠨᠡᠶᠢᠭᠡᠮ ᠳᠠᠶᠠᠭᠠᠷ ᠤᠨ ᠡᠨᠧᠷᠭᠢ ᠠᠷᠪᠢᠯᠠᠬᠤ ᠤᠬᠠᠮᠰᠠᠷ ᠢ ᠴᠢᠷᠮᠠᠶᠢᠨ ᠪᠤᠢ ᠪᠣᠯᠭᠠᠨ᠎ᠠ᠃    ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠤᠯᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽ᠭᠤᠣᠯ ᠮᠥᠷᠡᠨ ᠤ ᠳᠠᠷᠤᠭ᠎ᠠ ᠶᠢᠨ ᠳᠦᠷᠢᠮ︾᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠬᠠᠲᠤᠨ ᠭᠤᠤᠯ ᠤᠨ ᠡᠷᠭᠢ ᠳᠠᠭᠠᠤ ᠴᠠᠭᠳᠠᠨ ᠪᠠᠶᠢᠴᠠᠭᠠᠬᠤ ᠪᠠ ᠡᠷᠭᠢ ᠶᠢᠨ ᠱᠤᠭᠤᠮ ᠤᠨ ᠬᠠᠮᠠᠭᠠᠯᠠᠯᠲᠠ ᠶᠢ ᠴᠢᠩᠭᠠᠤᠡᠬᠠᠵᠤ᠂ ᠬᠠᠷᠢᠶ᠎ᠠ‌ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠰᠡᠷᠭᠦᠭᠡᠯᠲᠡ ᠶᠢ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾᠎ ᠢ ᠭᠦᠨᠵᠡᠭᠡᠶ ᠴᠡᠪᠡᠷᠯᠡᠵᠦ᠂ ᠳ᠋ᠦᠩ ᠱᠠᠨ ᠾᠧ ᠭᠤᠤ ᠰᠤᠪᠠᠭ ᠵᠡᠷᠭᠡ ᠬᠤᠲᠠ ᠶᠢᠨ ᠦᠶᠡᠷ ᠢ ᠰᠡᠷᠭᠡᠶᠢᠯᠡᠬᠦ ᠭᠤᠤᠯ ᠤᠨ ᠵᠠᠮ  ᠢ ᠦᠷᠭᠦᠯᠵᠢᠯᠡᠨ ᠴᠡᠭᠴᠡᠯᠡᠨ  ᠵᠠᠰᠠᠵᠤ᠂ ᠬᠠᠳᠤᠨ ᠭᠤᠤᠯ ᠤᠨ ᠤᠰᠤᠨ ᠤ ᠴᠢᠨᠠᠷ ᠤᠨ ᠲᠣᠭᠲᠠᠭᠤᠨ ᠢ  ᠦᠨᠡᠨᠬᠦ ᠬᠠᠮᠠᠭᠠᠯᠠᠨ᠎ᠠ᠃      ︵ᠲᠤᠯᠤᠭ᠎ᠠ︶ ᠥᠭᠡᠷᠡᠴᠢᠯᠡᠯᠲᠡ ᠨᠡᠭᠡᠭᠡᠯᠳᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ    ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠠᠮ ᠤᠨ ᠲᠥᠪ ᠬᠤᠷᠢᠶ᠎ᠠ ᠶᠢᠨ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠴᠢᠭᠯᠡᠯ ᠤᠨ ᠭᠤᠤᠯᠳᠠᠯᠭ᠎ᠠ ᠪᠣᠯᠤᠨ ᠡᠭᠦᠷᠭᠡ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠰᠢᠨ᠂ ᠪᠦᠷᠢᠨ ᠭᠦᠢᠴᠠᠤᠡ ᠲᠤᠭᠤᠷᠢᠭ  ᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠨᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ ᠨᠥᠭᠡᠴᠡ ᠵᠡᠷᠭᠡ ᠵᠠᠰᠠᠯᠲᠠ ᠶᠢᠨ ᠰᠢᠰᠲ᠋ᠧᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠬᠦ ᠬᠡᠷᠡᠭᠲᠡᠶ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠳᠡᠭᠡᠳᠤ ᠳᠣᠣᠷᠠᠳᠤ ᠱᠠᠲᠤᠨ ᠳᠤ ᠨᠡᠪᠲᠡᠷᠡᠭᠦᠯᠬᠦ ᠶᠢ ᠪᠠᠷᠢᠮᠲᠠᠯᠠᠵᠤ᠂ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠠᠤᠡᠭᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠰᠠᠯᠠᠭ᠎ᠠ ᠮᠥᠴᠢᠷ ᠤᠨ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠠᠵᠢᠯ ᠲᠦᠷᠦᠯ ‍ᠤᠨ‌‍ᠬᠦ᠋ᠷᠢᠶᠠᠨ ᠳᠠᠬᠢ ᠬᠠᠤᠯᠢ ᠲᠣᠭᠲᠠᠭᠠᠯ ᠶᠣᠰᠣᠭᠠᠷ ᠬᠠᠮᠢᠶᠠᠷᠬᠤ ᠪᠠ ᠤᠶᠢᠯᠡᠴᠢᠯᠡᠬᠦ ᠶᠢ ᠦᠨᠡᠨ ᠬᠦ ᠴᠢᠩᠭᠠᠳᠬᠠᠨ᠎ᠠ᠃ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠠᠷᠭ᠎ᠠ ᠪᠠᠷ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ᠂ ᠨᠡᠶᠢᠭᠡᠮ ᠤᠨ ᠵᠦᠷᠢᠴᠠᠯ ᠢ ᠠᠷᠢᠯᠭᠠᠬᠤ᠂ ᠨᠡᠶᠢᠭᠡᠮ ᠤᠨ ᠲᠣᠭᠲᠠᠭᠤᠨ  ᠢ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠵᠡᠷᠭᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠱᠠᠭᠠᠷᠳᠠᠯᠭ᠎ᠠ ᠶᠣᠰᠣᠭᠠᠷ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠪᠠᠯᠭᠠᠰᠤ᠂ ᠵᠡᠭᠡᠯᠢ ᠭᠤᠳᠤᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠡᠬᠢ ᠪᠠᠶᠠᠯᠢᠭ᠂ ᠪᠠᠯᠠ ᠮᠥᠩᠭᠦ᠂ ᠤᠶᠢᠯᠡᠴᠢᠯᠡᠭᠡ ᠶᠢ ᠬᠢᠨᠠᠨ ᠵᠥᠪᠰᠢᠶᠡᠷᠡᠬᠦ᠂ ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠭᠡᠷ ᠹᠷᠣᠨᠲ ᠲᠤ ᠳᠣᠷᠣᠭᠰᠢ ᠪᠠᠭᠤᠯᠭᠠᠨ᠎ᠠ᠃ ᠴᠡᠭᠡᠯ ᠠᠭᠤᠯᠠ ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠵᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ᠂ ᠥᠪᠡᠷᠲᠡᠭᠡᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠲᠠᠷᠢᠶᠠᠯᠠᠬᠤ ᠣᠷᠣᠨ ᠤ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠬᠤ ᠣᠷᠣᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃    ᠭᠠᠳᠠᠭᠰᠢ ᠨᠡᠭᠡᠭᠡᠯᠲᠡ ᠬᠢᠬᠦ ᠶᠢ ᠴᠢᠷᠮᠠᠶᠢᠨ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ ᠬᠦᠴᠦᠲᠡᠶ ᠠᠵᠠ ᠲᠣᠬᠢᠶᠠᠯ  ᠢ  ᠴᠢᠩᠭ᠎ᠠ ᠠᠳᠬᠤᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠡᠯᠧᠮᠧᠨ᠋ᠲ ᠢᠶᠠᠨ ᠬᠠᠷᠢᠯᠴᠠᠨ ᠨᠥᠬᠦᠪᠥᠷᠢᠯᠡᠬᠦ᠂ ᠠᠵᠤ ᠦᠢᠯᠡᠰ ᠢᠶᠠᠷ ᠬᠠᠮᠵᠢᠯᠴᠠᠬᠤ᠂ ᠪᠣᠬᠢᠷᠲᠤᠯ ᠢ ᠬᠤᠯᠪᠣᠭᠠᠯᠠᠨ‌‍ᠰᠡᠷᠭᠡᠶᠢᠯᠡᠵᠤ ᠬᠠᠮᠲᠤᠷᠠᠨ ᠵᠠᠰᠠᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠶᠢ ᠡᠷᠢᠯᠬᠢᠯᠡᠨ᠎ᠡ᠃ ᠪᠦᠬᠦ ᠬᠤᠲᠠ ᠶᠢᠨ ᠭᠠᠳᠠᠭᠠᠳᠤ ᠨᠡᠭᠡᠭᠡᠯᠲᠡ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠳᠤ ᠨᠡᠩ ᠢᠳᠡᠪᠬᠢᠲᠠᠢ ᠪᠥᠭᠡᠳ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠦᠬᠠᠶ ᠪᠣᠭᠤᠮᠲᠠ ᠳᠤ ᠲᠦᠰᠢᠭᠯᠡᠨ ᠲᠤᠰ ᠭᠠᠵᠠᠷ ᠤᠨ ᠤᠶᠢᠯᠡᠤᠡᠭᠦᠨ ᠢᠶᠠᠨ ᠭᠠᠳᠠᠭᠰᠢ ᠪᠣᠷᠣᠯᠠᠭᠤᠯᠬᠤ ᠪᠠᠨ ᠥᠷᠭᠡᠳᠬᠡᠬᠦ ᠠᠷᠭ᠎ᠠ ᠵᠠᠮ ᠢ ᠨᠡᠪᠲᠡᠷᠡᠭᠦᠯᠦᠨ᠎ᠡ᠃ ᠪᠡᠭᠡᠵᠢᠩ ᠲᠢᠶᠠᠨᠵᠢᠨ ᠾᠧᠪᠧᠶ᠂ ᠵᠢᠶᠠᠩᠰᠦ ᠵᠧᠵᠢᠶᠠᠩ ᠱᠠᠩᠬᠠᠶ᠂ ᠵᠦᠬᠠᠢ  ᠭᠤᠸᠠᠩᠵᠸᠦ ᠱᠧᠨᠵᠧᠨ ᠵᠡᠷᠭᠡ ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠠᠵᠠ ᠲᠣᠬᠢᠶᠠᠯ  ᠢ  ᠬᠦᠴᠦᠯᠡᠨ ᠠᠭᠤᠳᠠᠯᠤᠨ᠎ᠠ᠃  ︵ᠨᠠᠢᠮᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ    ᠨᠡᠶᠢᠭᠡᠮ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠤᠶᠢᠯᠡᠤᠡᠪᠤᠷᠢᠯᠡᠯ ᠪᠣᠯᠤᠨ ᠠᠵᠢᠯᠲᠠᠨ ᠠᠵᠢᠯᠴᠢᠨ ᠤ ᠲᠣᠭᠲᠠᠭᠤᠨ ᠢ ᠪᠠᠲᠤᠯᠠᠵᠤ᠂ ᠨᠡᠶᠢᠭᠡᠮ ᠲᠤᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 300᠎ ᠠᠴᠠ ᠳᠡᠭᠡᠭᠰᠢ᠂ ᠳᠡᠭᠡᠳᠤ ᠰᠤᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠬᠥᠯᠥᠰᠥᠨ ᠠᠵᠢᠯᠴᠢᠤᠡ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠨᠢᠭᠡᠳᠤᠯᠲᠡᠢ ᠲᠥᠯᠥᠪᠯᠡᠨ ᠰᠠᠶᠢᠲᠤᠷ ᠠᠳᠬᠤᠵᠤ᠂ ᠠᠵᠢᠯ ᠣᠯᠤᠭᠠᠳᠤᠢ ᠭᠡᠷ ᠪᠦᠯᠢ ᠶᠢ ᠬᠥᠳᠡᠯᠦᠩᠭᠦᠢ ᠪᠠᠷ ᠴᠡᠪᠡᠷᠯᠡᠨ ᠠᠷᠢᠯᠭᠠᠨ᠎ᠠ᠃ ᠠᠵᠢᠯ ᠣᠯᠬᠤ ᠳᠤ ᠬᠦᠴᠢᠷᠲᠡᠶ ᠪᠠ ᠠᠵᠢᠯᠴᠢᠨ ᠬᠡᠷᠡᠭᠯᠡᠬᠦ ᠳᠤ ᠬᠦᠴᠢᠷᠲᠡᠶ ᠪᠠᠶᠢᠬᠤ  ᠪᠦᠲᠦᠴᠡ ᠶᠢᠨ ᠴᠢᠨᠠᠷᠲᠠᠶ ᠵᠦᠷᠢᠴᠠᠯ ᠢ ᠰᠢᠢᠤᠡᠪᠤᠷᠢᠯᠡᠬᠦ ᠲᠠᠯ᠎ᠠ ᠠᠴᠠ ᠪᠣᠳᠣᠯᠬᠢᠯᠠᠵᠤ᠂ ᠦᠯᠡᠳᠡᠭᠡᠯ ᠲᠤᠰᠬᠠᠶ ᠪᠠᠯᠠ ᠮᠥᠩᠭᠦ ᠶᠢ ᠰᠤᠯᠠᠯᠠᠬᠤ ᠳᠤ ᠠᠵᠢᠯᠴᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠢᠨᠠᠷ ᠰᠠᠶᠢᠲᠠᠶ ᠠᠵᠤ ᠠᠬᠤᠶᠢᠯᠠᠯ ᠳᠤ ᠲᠦᠰᠢᠭᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢᠨ ᠬᠠᠮᠲᠤ ᠦᠯᠡᠳᠡᠭᠡᠬᠦ ᠬᠡᠷᠡᠭᠲᠡᠶ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠡᠮ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠵᠡᠷᠭᠡ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠵᠦ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ᠂ ᠲᠤᠰᠠᠯᠠᠪᠠᠰᠤ ᠵᠤᠬᠢᠬᠤ  ᠶᠢ ᠨᠢ ᠪᠦᠬᠦᠨ ᠢ ᠲᠤᠰᠠᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠬᠤᠲᠠ ᠲᠣᠭᠤᠷᠢᠭ ᠤᠨ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠲᠣᠬᠢᠲᠠᠶ ᠰᠠᠶᠢᠲᠤᠷ ᠬᠢᠵᠦ᠂ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠨ᠎ᠠ᠃    ᠠᠷᠠᠳ ᠤᠨ ᠠᠮᠢᠳᠤᠷᠠᠯ ᠤᠨ ᠦᠢᠯᠡᠰ ᠢ ᠦᠷᠭᠦᠯᠵᠢᠯᠡᠨ ᠠᠬᠢᠭᠤᠯᠤᠨ᠎ᠠ᠃ ︽ᠰᠢᠯᠢᠳᠡᠭ ᠰᠤᠷᠭᠠᠨ ᠬᠥᠮᠦᠵᠢᠯ ᠰᠢᠯᠢᠳᠡᠭ ᠡᠮᠴᠢᠯᠡᠭᠡ ᠲᠦᠭᠡᠮᠡᠯ ᠬᠠᠷᠠᠭᠠᠯᠵᠠᠯ ᠤᠨ ᠣᠷᠣᠨ︾᠎ ᠤ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠣᠯᠠᠨ ᠲᠦᠮᠡᠨ ᠤ ᠴᠢᠨᠠᠷ ᠰᠠᠶᠢᠲᠠᠶ ᠰᠤᠷᠭᠠᠨ ᠬᠥᠮᠦᠵᠢᠯ ᠡᠮᠴᠢᠯᠡᠭᠡᠨ ᠤ ᠤᠶᠢᠯᠡᠴᠢᠯᠡᠭᠡ ᠶᠢᠨ ᠬᠠᠩᠭᠠᠯᠭ᠎ᠠ ᠶᠢᠨ ᠲᠤᠬᠠᠶ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ  ᠥᠬᠡᠶ ᠬᠠᠩᠭᠠᠨ᠎ᠠ᠃ ᠰᠤᠷᠭᠠᠨ ᠬᠥᠮᠦᠵᠢᠯ ᠤᠨ ᠴᠢᠨᠠᠷ  ᠢ  ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠵᠦ᠂ ᠪᠢᠨ ᠾᠧ ᠬᠤᠶᠠᠳᠤᠭᠠᠷ ᠨᠢᠯᠬ᠎ᠠ ᠬᠡᠤᠬᠡᠳ  ᠤᠨ ᠴᠡᠴᠡᠷᠯᠢᠭ‌ᠵᠡᠷᠭᠡ 4 ᠬᠡᠤᠬᠡᠳ ᠤᠨ ᠴᠡᠴᠡᠷᠯᠢᠭ ᠢ ᠤᠷᠤᠭᠰᠢᠲᠠᠶ ᠨᠡᠭᠡᠭᠡᠬᠦ ᠶᠢ ᠦᠨᠡᠨᠬᠦ  ᠪᠠᠳᠤᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠨᠣᠷᠮ ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠠᠪᠤᠳᠤᠭᠠᠷ ᠪᠠᠭ᠎ᠠ‌‍ᠰᠤᠷᠭᠠᠭᠤᠯᠢ  ᠶᠢᠨ ᠶᠠᠷᠤᠩᠬᠡᠶᠢᠯᠡᠭᠰᠡᠨ ᠠᠰᠠᠷ ᠪᠠᠷᠢᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠬᠦ ᠨᠢᠭᠡᠳᠦᠭᠡᠷ ᠬᠤᠭᠤᠴᠠᠭᠠᠨ ᠤ ᠶᠢᠨ ᠵᠧᠨᠧᠷᠢᠩ ᠢ ᠡᠬᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠾᠧᠩᠱᠢ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ  ᠢ  ᠳᠡᠭᠡᠭᠰᠢᠯᠡᠭᠦᠯᠬᠦ ᠶᠢ ᠳᠠᠮᠵᠢᠵᠤ᠂ ᠳᠡᠭᠡᠳᠤ  ᠳᠤᠮᠳᠠᠳᠤ ᠶᠢᠨ ᠠᠩᠭᠢ ᠪᠠᠶᠢᠭᠤᠯᠬᠤ ᠶᠢ ᠠᠬᠢᠭᠤᠯᠵᠤ᠂ ᠲᠣᠰ ᠭᠠᠵᠠᠷ ᠤᠨ ᠰᠤᠷᠤᠭᠴᠢ ᠶᠢᠨ ᠢᠷᠡᠯᠲᠡ ᠶᠢᠨ ᠬᠥᠬᠡᠬᠤᠲᠠ ᠪᠤᠭᠤᠲᠤ ᠣᠷᠳᠣᠰ ᠵᠡᠷᠭᠡ ᠭᠠᠵᠠᠷ ᠲᠤ ᠤᠷᠤᠰᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠤᠡᠪᠤᠷᠢᠯᠡᠨ᠎ᠡ᠃ ᠨᠡᠷᠡᠲᠦ ᠳᠡᠭᠡᠳᠤ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ  ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠪᠠᠭᠰᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯᠲᠤ ᠡᠮᠴᠢᠯᠡᠭᠡ ᠶᠢ ᠢᠳᠡᠪᠬᠢᠲᠡᠢ ᠬᠥᠭᠵᠢᠭᠦᠯᠵᠦ᠂ ᠬᠢᠵᠢᠭ ᠤᠨ ᠪᠠᠢᠳᠠᠯ ᠤᠨ ᠬᠤᠭᠤᠴᠠᠭᠠᠨ ᠳᠤ ᠢᠯᠡᠷᠡᠭᠰᠡᠨ ᠳᠤᠲᠠᠭᠤᠳᠠᠯ ᠳᠤ ᠴᠢᠭᠯᠡᠭᠦᠯᠦᠨ᠂ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠬᠠᠷᠢᠶᠠᠲᠤ ᠠᠰᠠᠷ ᠤᠨ ᠬᠡᠷᠡᠭᠯᠡᠯᠲᠡ ᠶᠢ ᠲᠦᠷᠭᠡᠤᠡᠭᠡᠵᠤ᠂ ᠹᠧᠩ ᠬᠤᠸᠠᠩ ᠯᠢᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠤᠨ ᠦᠭᠡᠷᠡᠴᠢᠯᠡᠯᠲᠡ ᠶᠢ ᠪᠡᠶᠡᠯᠡᠭᠦᠯᠦᠨ᠎ᠡ᠃ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠪᠠ ᠢᠩᠲᠣᠣᠷ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠭᠦᠯᠵᠦ᠂ ᠣᠯᠠᠨ ᠨᠡᠶᠢᠲᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠱᠠᠲᠤ ᠬᠤᠪᠢᠶᠠᠨ ᠣᠨᠣᠰᠢᠯᠠᠨ ᠡᠮᠨᠡᠬᠦ ᠪᠠ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠶᠢ ᠵᠡᠷᠭᠡᠪᠡᠷ ᠲᠦᠯᠬᠢᠨ ᠠᠬᠢᠭᠤᠯᠵᠤ᠂ ᠬᠢᠲᠠᠳ ᠡᠮᠨᠡᠯᠭᠡ ᠶᠢᠨ ᠣᠨᠴᠠᠯᠢᠭᠲᠤ ᠣᠨᠣᠰᠢᠯᠠᠨ ᠡᠮᠨᠡᠬᠦ ᠠᠵᠢᠯ ᠢ ᠬᠦᠴᠦᠯᠡᠨ ᠬᠥᠭᠵᠢᠭᠦᠯᠵᠦ᠂ ︽ᠦᠨᠳᠦᠰᠦᠨ ᠱᠠᠳᠤᠨ ᠳᠤ ᠴᠢᠨᠠᠷ ᠰᠠᠶᠢᠲᠠᠶ ᠦᠢᠯᠡᠴᠢᠯᠡᠬᠦ︾ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ ᠭᠡᠷ ᠤᠨ ᠡᠭᠦᠳᠡᠨ ᠳᠤ ︽ᠡᠪᠡᠳᠴᠢᠨ  ᠢ ᠵᠠᠰᠠᠬᠤ᠂  ᠡᠪᠡᠳᠴᠢᠨ  ᠢ ᠵᠠᠰᠠᠵᠤ ᠲᠡᠶᠢᠯᠡᠬᠦ︾ ᠬᠡᠷᠡᠭᠲᠡᠶ᠃ ︽ᠨᠢᠭᠡ ᠠᠬᠠᠮᠠᠳ ᠨᠢᠭᠡ ᠪᠠᠭ᠎ᠠ︾ ᠠᠰᠠᠭᠤᠳᠠᠯ ᠢ ᠬᠦᠴᠦᠯᠡᠨ ᠰᠢᠢᠤᠡᠪᠤᠷᠢᠯᠡᠵᠤ᠂ ︽ᠨᠡᠶᠢᠭᠡᠮ ᠲᠣᠭᠤᠷᠢᠭ+ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ︾᠎ ᠤᠨ ᠵᠠᠭᠪᠤᠷ ᠢᠶᠠᠷ ᠨᠠᠰᠤᠵᠢᠯ ᠤᠨ ᠤᠶᠢᠯᠡᠴᠢᠯᠡᠭᠡ ᠶᠢ ᠬᠥᠭᠵᠢᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠤᠶᠢᠯᠡᠴᠢᠯᠡᠭᠡ ᠶᠢ ᠬᠥᠭᠵᠢᠭᠦᠯᠬᠦ ᠶᠢ ᠳᠡᠮᠵᠢᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠤᠶᠢᠵᠢᠭᠤᠯᠤᠨ ᠦᠢᠯᠡᠳᠦᠯᠭᠡᠵᠢᠭᠦᠯᠬᠦ ᠶᠢ ᠪᠠᠷᠢᠮᠲᠠᠯᠠᠵᠤ᠂ ᠬᠠᠶᠢᠷᠤᠪ ᠤᠨ ᠲᠣᠬᠤᠢ ᠶᠢᠨ ᠤᠯᠠᠭᠠᠨᠮᠥ᠋ᠴᠢᠷ ᠤᠨ ᠬᠥᠭᠵᠢᠯᠲᠡ ᠶᠢ ᠲᠡᠳᠬᠦᠨ᠂ ᠤᠯᠠᠮᠵᠢᠯᠠᠯᠲᠤ ᠰᠣᠶᠣᠯ ᠤᠨ ᠨᠠᠶᠢᠷ᠂ ᠨᠡᠶᠢᠭᠡᠮ ᠲᠣᠭᠤᠷᠢᠭ ᠤᠨ ᠤᠷᠠᠯᠢᠭ ᠤᠨ ᠨᠠᠶᠢᠷ ᠵᠡᠷᠭᠡ ᠤᠳᠬ᠎ᠠ ᠤᠷᠠᠯᠢᠭ ᠤᠨ ᠠᠵᠢᠯᠯᠠᠭ᠎ᠠ ᠪᠠᠷ ᠳᠠᠮᠵᠢᠭᠤᠯᠤᠨ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠠᠶᠢᠲᠤᠷ ᠡᠷᠭᠢᠯᠡᠨ᠎ᠡ᠃     ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠶ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠤᠡᠪᠤᠷᠢᠳᠤ  ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠬᠦ ᠶᠡᠷᠦᠩᠬᠡᠶ‌‍ᠱᠠᠭᠠᠷᠳᠠᠯᠭ᠎ᠠ  ᠶᠣᠰᠣᠭᠠᠷ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠤᠯᠠᠷᠠᠭᠤᠯᠤᠯ ᠥᠬᠡᠶ ᠴᠢᠩᠭ᠎ᠠ ᠠᠳᠬᠤᠵᠤ ᠪᠣᠳᠠᠲᠠᠶ ᠠᠳᠬᠤᠵᠤ ᠨᠠᠷᠢᠯᠢᠭ ᠠᠳᠬᠤᠨ᠎ᠠ᠃ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠲᠠᠶ ᠬᠢᠮᠢ᠂ ᠨᠡᠭᠦᠷᠡᠰᠦᠨ ᠠᠭᠤᠷᠬᠠᠶ᠂ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠳᠠᠯᠳᠠ ᠭᠡᠮ ᠤᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡᠳᠪᠦᠷᠢᠯᠡᠯ ᠤᠨ ᠠᠵᠢᠯᠯᠠᠭ᠎ᠠ ᠶᠢ ᠴᠢᠩᠬ᠎ᠠ ᠪᠠᠶᠢᠴᠠᠭᠠᠨ ᠰᠢᠢᠤᠡᠪᠤᠷᠢᠯᠡᠵᠤ᠂ ᠠᠶᠤᠯᠭᠦᠶ‌ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠦᠨᠡᠨ ᠬᠦ ᠪᠠᠲᠤᠯᠠᠨ᠎ᠠ᠃ ᠢᠳᠡᠭᠡᠨ ᠪᠠ ᠡᠮ ᠤᠨ ᠵᠤᠶᠢᠯ  ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠠᠶᠢᠯᠠᠯᠳᠤᠭᠠᠨ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠨᠢᠭᠡ ᠪᠦᠯᠦᠭ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠡᠶᠡᠳᠡᠭᠦᠯᠦᠭᠴᠢ ᠶᠢ ᠰᠣᠩᠭᠤᠨ ᠲᠣᠬᠢᠷᠠᠭᠤᠯᠵᠤ᠂ ᠵᠠᠬᠢᠳᠠᠯ  ᠰᠤᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠶᠢ ᠴᠢᠩᠭᠠᠳᠬᠠᠨ᠎ᠠ︔ ︽ᠵᠠᠷᠭᠤ ᠰᠤᠷᠪᠤᠯᠵᠢᠯᠠᠭ᠎ᠠ ᠶᠢ ᠰᠠᠯᠭᠠᠬᠤ︾᠎ ᠶᠢ ᠪᠠᠷᠢᠮᠲᠠᠯᠠᠵᠤ᠂ ᠸᠠᠨ ᠯᠢᠶᠠᠨ ᠠᠷᠠᠯᠵᠢᠶ᠎ᠠ ᠬᠤᠳᠠᠯᠳᠤᠭ᠎ᠠ ᠵᠡᠷᠭᠡ ᠨᠢᠭᠡ ᠪᠦᠯᠦᠭ ᠲᠡᠤᠬᠡᠨ ᠎ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠠᠷᠢᠯᠭᠠᠪᠠ᠃   ᠡᠭᠦᠨ ᠠᠴᠠ ᠭᠠᠳᠠᠨ᠎ᠠ᠂ ᠪᠠᠰᠠ ᠮᠠᠨ ᠤ ᠲᠤᠭᠤᠷᠢᠭ  ᠤᠨ ᠬᠥᠭᠵᠢᠯᠲᠡ ᠶᠢᠨ ᠪᠣᠳᠠᠲᠤ ᠪᠠᠶᠢᠳᠠᠯ᠂ ᠠᠵᠤ ᠤᠶᠢᠯᠡᠰ ᠤᠨ ᠰᠠᠭᠤᠷᠢ ᠲᠠᠢ ᠤᠶᠠᠯᠳᠤᠭᠤᠯᠤᠨ᠂ ᠭᠦᠨᠵᠡᠭᠡᠶ ᠰᠤᠳᠤᠯᠤᠨ ᠨᠤᠲᠠᠯᠠᠵᠤ᠂ ︽ᠠᠷᠪᠠᠨ ᠳᠥᠷᠪᠡᠳᠦᠭᠡᠷ ᠲᠠᠪᠤᠨ‌ᠵᠢᠯ︾᠎ ᠤᠨ ᠲᠦᠯᠤᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠬᠤ ᠬᠡᠷᠡᠭᠲᠡᠶ᠃ ᠳᠣᠯᠣᠳᠤᠭᠠᠷ ᠤᠳᠠᠭᠠᠨ ᠤ ᠪᠦᠬᠦ ᠤᠯᠤᠰ ᠎ ᠤᠨ  ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠳᠤᠲᠠᠢ ᠰᠠᠶᠢᠲᠤᠷ ᠬᠢᠨ᠎ᠡ᠃ ᠦᠨᠳᠦᠰᠦᠲᠡᠨ ᠤ ᠠᠵᠢᠯ᠂ ᠡᠮᠡᠭᠲᠡᠶᠢᠴᠦᠳ ᠬᠡᠤᠬᠡᠳ᠂ ᠳᠠᠩᠰᠠ ᠡᠪᠬᠡᠮᠡᠯ ᠲᠡᠤᠬᠡ ᠲᠡᠮᠲᠡᠭᠯᠡᠯ᠂ ᠠᠷᠠᠳ ᠤᠨ ᠵᠡᠪᠰᠡᠭᠲᠦ  ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠡᠯ᠎ᠡ ᠵᠤᠶᠢᠯ  ᠤᠨ ᠠᠵᠢᠯ ᠢ ᠨᠢᠭᠡᠳᠦᠯᠲᠡᠶ ᠲᠦᠯᠤᠪᠯᠡᠨ ᠰᠠᠶᠢᠲᠤᠷ ᠠᠳᠬᠤᠨ᠎ᠠ᠃      ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ    ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ‌ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶ ᠬᠢᠬᠦ ᠶᠢ ᠠᠬᠢᠭᠤᠯᠵᠤ᠂ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ᠂ ᠰᠠᠶᠢᠨ ᠲᠤᠷᠰᠢᠯᠭ᠎ᠠ ᠠᠷᠭ᠎ᠠ ᠬᠡᠮᠵᠢᠶ᠎ᠡ ᠶᠢ ᠲᠦᠷᠢᠮ ᠪᠣᠯᠭᠠᠨ ᠲᠣᠭᠲᠠᠪᠤᠷᠢᠵᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ︽ᠳᠥᠷᠪᠡᠨ ᠤᠬᠠᠮᠰᠠᠷ︾᠎ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠤᠡᠪᠤᠷᠢᠳᠤ  ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠵᠠᠷᠯᠢᠭ ᠴᠠᠭᠠᠵᠠ ᠶᠢ ᠳᠠᠭᠠᠬᠤ᠂ ᠵᠠᠰᠠᠭ ᠤᠨ ᠵᠠᠷᠯᠢᠭ  ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠶ᠃ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠷᠡᠭ ᠢ ᠴᠠᠭ ᠲᠤᠬᠠᠶ ᠳᠤᠨᠢ ᠰᠢᠢᠤᠡᠪᠤᠷᠢᠯᠡᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ ᠪᠠ ᠦᠭᠡ ᠬᠡᠯᠡᠬᠦ ᠡᠷᠬᠡ ᠶᠢ ᠪᠠᠲᠤ ᠡᠵᠡᠮᠰᠢᠨ᠎ᠡ᠃    ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠠᠤᠡᠭᠡᠬᠦ ᠶᠢ ᠪᠠᠷᠢᠮᠲᠠᠯᠠᠵᠤ᠂ ᠠᠷᠠᠳ ᠤᠨ ᠲᠦᠯᠤᠬᠡᠯᠡᠭᠴᠢᠤᠡ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠤᠡᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠬᠢᠨᠠᠨ ᠪᠤᠳᠤᠯᠳᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠤᠴᠢᠷ ᠶᠠᠪᠤᠳᠠᠯ ᠳᠤ ᠠᠷᠠᠳ ᠤᠨ ᠰᠠᠨᠠᠭ᠎ᠠ ᠶᠢ ᠬᠤᠷᠢᠶᠠᠬᠤ ᠠᠷᠭ᠎ᠠ ᠶᠢ ᠰᠦᠪᠡᠭᠴᠢᠯᠡᠨ ᠪᠠᠶᠢᠭᠤᠯᠵᠤ᠂ ᠰᠢᠢᠤᠡᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠤᠡᠴᠢᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠠᠳᠬᠤᠵᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠣᠯᠤᠨ ᠬᠢᠨᠠᠯᠲᠠ ᠳᠠᠯᠪᠢᠬᠤ ᠡᠷᠬᠡ ᠶᠢ ᠪᠠᠲᠤᠯᠠᠨ᠎ᠠ᠃ ᠰᠦᠯᠵᠢᠶᠡᠨ ᠳᠡᠭᠡᠷ᠎ᠡ ᠬᠠᠤᠯᠢ ᠰᠤᠷᠬᠤ ᠶᠢ ᠴᠢᠩᠭᠠᠳᠬᠠᠵᠤ᠂ ︽ᠳᠣᠯᠣᠳᠤᠭᠠᠷ ᠲᠠᠪᠤᠨ ᠵᠢᠯ︾᠎ ᠤᠨ ᠬᠠᠤᠯᠢ ᠲᠦᠬᠡᠮᠡᠯᠵᠢᠭᠦᠯᠬᠦ ᠠᠵᠢᠯ ᠢ ᠲᠡᠭᠦᠰᠬᠡᠨ᠎ᠡ᠃    ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠢᠮᠠᠭᠲᠠ ᠰᠠᠬᠢᠯᠭ᠎ᠠ ᠪᠠᠲᠤ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾᠎ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠲᠤᠭᠳᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠰᠡᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ  ᠬᠡᠷᠡᠭᠲᠡᠢ᠃ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠮᠠᠭᠤ ᠰᠤᠷᠲᠠᠯ ᠲᠠᠬᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠳᠡᠭᠡᠳᠤ ᠬᠡᠮᠵᠢᠶᠡᠨ ᠤ ᠬᠠᠷᠢᠭᠤᠴᠠᠯᠭᠠᠲᠤ ᠣᠪᠣᠷ ᠪᠠ ᠯᠠᠪᠳᠠᠭᠤᠨ ᠪᠠᠲᠤᠲᠠᠶ ᠨᠠᠷᠢᠨ ᠨᠢᠮᠪᠠᠶ ᠠᠵᠢᠯ ᠬᠢᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠡᠯ᠎ᠡ‌ᠵᠤᠶᠢᠯ ᠤᠨ ᠠᠵᠢᠯ ᠢ ᠲᠥᠪᠯᠡᠷᠡᠭᠦᠯᠦᠨ ᠥᠷᠨᠢᠭᠦᠯᠵᠦ᠂ ᠠᠭᠤᠷᠬᠠᠶ ᠶᠢᠨ ᠡᠬᠢ ᠪᠠᠶᠠᠯᠢᠭ ᠤᠨ ᠬᠦᠷᠢᠶᠠᠨ ᠳᠠᠬᠢ ᠳᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠠᠶ᠃ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠤᠡᠪᠤᠷᠢᠯᠡᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃    ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠳᠠᠲᠠᠢ ᠶᠢ ᠡᠷᠬᠢᠮᠯᠡᠨ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠪᠣᠳᠠᠲᠠᠶ ᠠᠵᠢᠯᠯᠠᠬᠤ ᠵᠣᠷᠢᠭ ᠰᠠᠨᠠᠭ᠎ᠠ ᠪᠠ‌ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠵᠠᠩ ᠴᠢᠨᠠᠷ ᠢ  ᠳᠠᠪᠲᠠᠨ‌‍ᠪᠣᠯᠪᠠᠰᠤᠷᠠᠭᠤᠯᠵᠤ᠂ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠵᠤ ᠤᠶᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠡᠭᠦᠷᠭᠡ ᠵᠢᠨ‌‍ᠲ᠋ᠣᠭᠤᠷᠢᠨ ᠳᠤ ᠨᠠᠷᠢᠨ ᠬᠢᠨᠠᠮᠠᠭᠠᠶ ᠭᠦᠢᠴᠠᠤᠡᠭᠡᠵᠤ᠂ ᠳᠠᠷᠦ᠋ᠢᠬᠠᠨ ᠭᠦᠢᠴᠠᠤᠡᠭᠡᠵᠤ᠂ ᠥᠨᠳᠥᠷ ᠦᠷ᠎ᠡ ᠪᠦᠳᠤᠮᠵᠢᠲᠠᠢ ᠡᠷᠬᠢᠯᠡᠨ᠎ᠡ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠬᠢᠵᠦ᠂ ᠰᠠᠶᠢᠲᠤᠷ ᠬᠢᠬᠦ ᠬᠡᠷᠡᠭᠲᠡᠶ᠃    ᠲᠥᠯᠥᠭᠡᠯᠡᠭᠴᠢᠳ ᠡ᠂ ᠡᠷᠬᠢᠮ ᠳᠡᠭᠡᠳᠦ ᠤᠶᠢᠯᠡᠰ ᠢ ᠪᠦᠲᠦᠭᠡᠬᠦ ᠳᠤ ᠵᠣᠷᠢᠭ᠂ ᠥᠷᠭᠡᠨ ᠳᠡᠯᠭᠡᠷ ᠤᠶᠢᠯᠡᠰ ᠲᠤ ᠠᠵᠢᠯᠴᠢ ᠬᠥᠳᠡᠯᠮᠦᠷᠢᠴᠢ ᠪᠠᠶᠢᠬᠤ ᠬᠡᠷᠡᠭᠲᠡᠶ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠎ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠬᠤᠲᠠ ᠶᠢᠨ ᠨᠠᠮ  ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠳᠠ ᠴᠢᠯᠠᠭᠤ ᠮᠡᠲᠦ ᠪᠠᠲᠤ ᠪᠠᠬᠢ ᠤᠯᠤᠰ ᠲᠥᠷᠥ ᠶᠢᠨ ᠲᠣᠭᠲᠠᠯ ᠬᠦᠴᠦᠨ ᠢᠶᠠᠷ᠂ ᠪᠤᠴᠠᠯᠲᠠ ᠦᠭᠡᠢ ᠠᠵᠢᠯᠯᠠᠬᠤ ᠵᠤᠷᠢᠭ ᠪᠠᠷ᠂ ᠪᠣᠳᠠᠲᠠᠶ ᠶᠢ ᠡᠷᠬᠢᠮᠯᠡᠨ ᠲᠡᠷᠢᠭᠦᠨ ᠤ ᠬᠢ ᠶᠢ ᠲᠡᠮᠡᠴᠡᠬᠦ ᠦᠨᠡᠨ ᠪᠣᠳᠠᠲᠠᠶ ᠠᠵᠢᠯᠯᠠᠬᠤ ᠵᠣᠷᠢᠭ ᠰᠠᠨᠠᠭ᠎ᠠ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠤᠡᠪᠤᠷᠢᠳᠤ ᠢᠯᠠᠯᠲᠠ ᠶᠢ ᠤᠯᠬᠤ ᠪᠠᠷ ᠲᠡᠮᠡᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ ᠢᠷᠡᠯᠲᠡ᠄ ᠵᠠᠰᠠᠭ ᠤᠨ ᠣᠷᠳᠣᠨ ᠤ ᠠᠯᠪᠠᠨ ᠬᠡᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号