ᠬᠤᠲᠠ ᠶᠢᠨ ᠤᠳᠤᠷᠢᠳᠤᠯᠭ᠎ᠠ ᠠᠴᠠ ᠬᠠᠶᠢᠷᠤᠪ ᠤᠨ ᠲᠤᠬᠤᠢ ᠲᠤᠭᠤᠷᠢᠭ  ᠤᠨ ᠲᠥᠯᠥᠭᠡᠯᠡᠭᠴᠢᠳ ᠤᠨ ᠪᠦᠯᠬᠦᠮ ᠳᠤ ᠭᠦᠷᠴᠤ ᠲᠥᠯᠥᠭᠡᠯᠡᠭᠴᠢᠳ ᠢ ᠪᠣᠯᠭᠤᠭᠠᠨ ᠦᠵᠡᠪᠡ
ᠨᠡᠶᠢᠲᠡᠯᠡᠭᠰᠡᠨ ᠴᠠᠭ᠄
2020-03-26
     3 ᠰᠠᠷ᠎ᠠ ᠶᠢᠨ 25᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠲᠠᠩ ᠢ ᠵᠡᠷᠭᠡ ᠬᠤᠲᠠ ᠶᠢᠨ ᠤᠳᠤᠷᠢᠳᠤᠯᠭ᠎ᠠ ᠦᠬᠠᠶ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠷᠠᠯᠳᠤᠭᠠᠨ ᠤ ᠬᠠᠶᠢᠷᠤᠪ ᠤᠨ ᠪᠤᠯᠤᠩ ᠤᠨ ᠲᠥᠯᠥᠭᠡᠯᠡᠭᠴᠢᠳ ᠤᠨ ᠪᠦᠯᠬᠦᠮ ᠢ ᠰᠤᠷᠪᠤᠯᠵᠢᠯᠠᠨ ᠦᠵᠡᠪᠡ᠃
     ᠬᠠᠶᠢᠷᠤᠪ ᠤᠨ ᠲᠤᠬᠤᠢ ᠲᠤᠭᠤᠷᠢᠭ ᠤᠨ ᠲᠥᠯᠥᠭᠡᠯᠡᠭᠴᠢᠳ ᠤᠨ ᠪᠦᠯᠬᠦᠮ ᠤᠨ ᠰᠠᠭᠤᠭ᠎ᠠ ᠭᠠᠵᠠᠷ ᠲᠤ᠂ ᠱᠢ ᠸᠠᠨ ᠵᠢᠶᠦ᠋ᠨ᠂ ᠲᠠᠩ ᠢ ᠨᠡᠷ ᠲᠡᠳᠡᠨ ᠳᠤ ᠪᠠᠶᠠᠷᠯᠠᠨ ᠤᠭᠲᠤᠬᠤ ᠪᠠ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠦᠬᠠᠢ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
     ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠦᠯᠬᠦᠮ ᠤᠨ ᠲᠦᠯᠤᠭᠡᠯᠡᠭᠴᠢ᠂ ᠦᠬᠠᠢ ᠬᠤᠲᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠦᠰᠡᠷᠳᠡᠭᠦᠯᠬᠦ ᠦᠭᠡᠢ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠦᠨᠳᠦᠰᠦᠨ‌ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠷᠬᠡ ᠪᠠᠨ ᠨᠠᠷᠢᠨ ᠬᠢᠨᠠᠮᠠᠭᠠᠢ ᠬᠡᠷᠡᠭᠵᠢᠭᠦᠯᠵᠦ᠂ ᠡᠷᠳᠡᠮᠲᠡᠨ ᠮᠡᠷᠭᠡᠳ ᠤᠨ ᠦᠭᠡ ᠶᠠᠷᠢᠶ᠎ᠠ᠂ ᠮᠡᠷᠭᠡᠨ ᠦᠵᠡᠯᠲᠡ ᠢᠯᠡᠭᠦᠬᠡᠨ ᠳᠤᠷᠠᠳᠴᠤ᠂ ᠮᠡᠷᠭᠡᠨ ᠠᠷᠭ᠎ᠠ ᠤᠬᠠᠭᠠᠨ ᠢᠯᠡᠭᠦᠬᠡᠨ‌ᠭᠠᠷᠭᠠᠵᠤ᠂ ᠲᠤᠰ ᠤᠳᠠᠭ᠎ᠠ ᠶᠢᠨ ᠬᠤᠷᠠᠯ ᠤᠨ ᠡᠯ᠎ᠡ ᠵᠦᠢᠯ ᠤᠨ ᠮᠡᠳᠡᠭᠦᠯᠦᠯᠲᠡ ᠶᠢ ᠰᠠᠶᠢᠲᠤᠷ ᠬᠢᠨᠠᠨ ᠵᠥᠪᠯᠡᠵᠦ᠂ ᠡᠯ᠎ᠡ ᠵᠦᠢᠯ ᠤᠨ ᠰᠣᠩᠭᠤᠭᠤᠯᠢ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠦᠬᠠᠢ ᠬᠤᠲᠠ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃
   
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号