ᠬᠤᠶᠠᠷ ᠬᠤᠷᠠᠯ ᠳᠤ ᠠᠩᠬᠠᠷᠤᠯ ᠢᠶᠠᠨ ᠬᠠᠨᠳᠤᠭᠤᠯᠤᠶ᠎ᠠ᠂ ᠭᠡᠰᠢᠭᠦᠳ ᠬᠡᠯᠡᠬᠦ ᠦᠭᠡ ᠪᠠᠶᠢᠨ᠎ᠠ᠂ ᠡᠳᠡᠭᠡᠷ ᠰᠡᠳᠬᠢᠯ ᠤᠨ ᠳᠠᠭᠤᠨ ᠬᠠᠶᠢᠷᠤᠪ ᠤᠨ ᠲᠤᠬᠤᠢ ᠲᠤᠭᠤᠷᠢᠭ ᠠᠴᠠ ᠢᠷᠡᠵᠡᠢ
ᠨᠡᠶᠢᠲᠡᠯᠡᠭᠰᠡᠨ ᠴᠠᠭ᠄
2020-03-26
     ᠰᠠᠶᠢᠨ ᠠᠷᠭ᠎ᠠ ᠪᠣᠳᠣᠵᠤ ᠦᠨᠡᠨ ᠦᠭᠡ ᠪᠠᠨ ᠬᠡᠯᠡᠬᠦ      3 ᠰᠠᠷ᠎ᠠ ᠶᠢᠨ 25᠎ ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠡᠬᠢᠯᠡᠪᠡ᠃ ᠳᠤᠭᠤᠶᠢᠯᠠᠩ ᠬᠤᠪᠢᠶᠠᠨ ᠶᠠᠷᠢᠯᠴᠠᠬᠤ ᠳᠤᠮᠳᠠ᠂ ᠡᠯ᠎ᠡ ᠠᠵᠢᠯ ᠲᠦᠷᠦᠯ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠤᠭ ᠵᠢᠪᠬᠤᠭ᠎ᠠ ᠲᠡᠭᠦᠯᠳᠡᠷ ᠪᠠᠶᠢᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃          ᠭᠠᠳᠠᠭᠰᠢ ᠭᠠᠷᠴᠤ ᠣᠷᠣᠨ ᠨᠤᠲᠤᠭ ᠤᠨ ᠨᠡᠷᠡᠲᠦ ᠲᠡᠮᠳᠡᠭᠲᠦ ᠶᠢ ᠡᠭᠦᠳᠬᠦ      ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠶᠢᠯᠠᠯ ᠤᠨ ᠡᠳᠡᠭᠡᠷ ᠬᠤᠳᠠ ᠵᠢᠨ‌ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠦᠬᠦ ᠬᠦᠴᠦ ᠪᠠᠨ ᠰᠢᠪᠬᠠᠵᠤ᠂ ᠬᠤᠶᠢᠨ᠎ᠠ ᠬᠤᠶᠢᠨ᠎ᠠ ᠠᠴᠠ ᠪᠠᠨ ᠰᠠᠨᠠᠭᠤᠯᠭ᠎ᠠ ᠳᠤᠷᠠᠳᠪᠠ᠃ ᠡᠯᠡᠰᠦᠨ ᠴᠥᠯ ᠤᠨ ᠤᠯᠠᠮᠵᠢᠯᠠᠯᠲᠤ ᠠᠷᠢᠬᠢᠨ ᠤ ᠤᠶᠢᠯᠡᠰ ᠤᠨ ᠬᠠᠷᠢᠭᠤᠴᠠᠯᠭᠠᠲᠠᠨ ᠵᠢᠶᠠᠩ ᠯᠢ ᠷᠦᠩ ᠪᠣᠯ ᠦᠬᠠᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠶᠢᠨ ᠡᠲᠡᠭᠡᠳ ᠤᠨ ᠭᠡᠰᠢᠭᠦᠨ ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠪᠠ ᠨᠠᠷᠠᠲᠤ ᠲᠡᠮᠳᠡᠭᠲᠦ ᠶᠢ ᠡᠭᠦᠳᠬᠦ ᠲᠠᠯ᠎ᠠ ᠪᠠᠷ ᠲᠡᠷᠡ ᠥᠪᠡᠷᠮᠢᠴᠡ ᠦᠵᠡᠯ ᠲᠠᠢ ᠶᠤᠮ᠃ ︽ᠡᠨᠡ ᠡᠳᠦᠷ ᠪᠣᠯ ᠪᠢ ᠦᠬᠠᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ ᠲᠠᠪᠤᠳᠠᠬᠢ ᠤᠳᠠᠭ᠎ᠠ ᠤᠷᠤᠯᠴᠠᠵᠤ  ᠪᠠᠶᠢᠨ᠎ᠠ᠂ ᠡᠨᠡ ᠤᠳᠠᠭ᠎ᠠ ᠮᠢᠨᠦ ᠳᠤᠷᠠᠳᠤᠯᠭ᠎ᠠ ᠪᠣᠯ ᠦᠬᠠᠶ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠰᠠᠨᠠᠭᠤᠯᠭ᠎ᠠ ᠪᠣᠯᠤᠨ᠎ᠠ᠂ ᠲᠣᠰ ᠲᠣᠰ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ᠂ ᠮᠥᠩᠭᠦᠨ ᠭᠦᠢᠯᠭᠡᠭᠡᠨ ᠢᠶᠠᠷ ᠲᠡᠳᠬᠦᠨ ᠳᠡᠮᠵᠢᠬᠦ᠂ ᠴᠢᠳᠠᠪᠤᠷᠢᠲᠠᠨ ᠢᠶᠠᠷ ᠲᠡᠳᠬᠦᠨ ᠳᠡᠮᠵᠢᠬᠦ ᠵᠡᠷᠭᠡ ᠭᠤᠷᠪᠠᠨ ᠲᠠᠯ᠎ᠠ ᠪᠠᠷ ᠲᠣᠳᠣᠷᠬᠠᠶᠢᠯᠠᠨ ᠥᠭᠦᠯᠡᠨ᠎ᠡ᠃ ᠪᠢ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠠᠯᠪᠢᠬᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠠᠤᠡᠬᠡᠬᠦ ᠶᠢᠨ ᠬᠠᠮᠲᠤ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠬᠦᠴᠦᠨ ᠨᠡᠮᠡᠷᠢᠯᠡᠵᠦ ᠨᠡᠷᠡᠲᠦ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠵᠦ᠂ ᠨᠠᠩ ᠤᠯᠠᠨ ᠭᠠᠵᠠᠷ ᠣᠷᠣᠨ ᠤ ᠨᠡᠷᠡᠲᠦ ᠲᠥᠷᠥᠯ ᠲᠡᠮᠳᠡᠭᠲᠦ ᠶᠢ ᠭᠠᠳᠠᠭᠰᠢ ᠭᠠᠷᠭᠠᠵᠤ᠂ ᠵᠠᠰᠠᠭ ᠤᠨ ᠣᠷᠳᠣᠨ ᠠᠴᠠ ᠲᠠᠪᠴᠠᠩ ᠲᠠᠯᠪᠢᠵᠤ᠂ ᠠᠵᠤ ᠠᠬᠤᠶᠢᠯᠠᠯ ᠢ ᠳᠠᠭᠤᠯᠠᠵᠤ᠂ ᠭᠠᠳᠠᠭᠰᠢ ᠭᠠᠷᠬᠤ ᠪᠠᠶᠢᠯᠳᠤᠬᠤ ᠪᠣᠳᠣᠯᠭ᠎ᠠ ᠶᠢ ᠪᠤᠢ ᠪᠣᠯᠭᠠᠬᠤ ᠶᠢ ᠬᠦᠰᠡᠵᠦ ᠪᠠᠶᠢᠨ᠎ᠠ᠃︾ ᠭᠡᠵᠦ ᠵᠢᠶᠠᠩ ᠯᠢ ᠷᠦᠩ ᠬᠡᠯᠡᠵᠦ ᠪᠠᠶᠢᠯ᠎ᠠ᠃       ᠬᠢᠯᠢ ᠠᠯᠤᠰᠯᠠᠨ ᠰᠢᠨ᠎ᠡ ᠶᠢ ᠡᠭᠦᠳᠬᠦ ᠨᠢ ᠠᠷᠠᠳ ᠤᠨ ᠲᠥᠯᠥᠭᠡ ᠤᠷᠢᠶᠠᠯᠠᠭ᠎ᠠ ᠭᠠᠷᠭᠠᠪᠠ       ᠼᠤᠤ ᠬᠠᠢ ᠰᠢᠶᠠ ᠤᠤᠯ ᠨᠢ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠᠶᠢᠵᠤ ᠥᠩᠭᠡᠷᠡᠵᠡᠢ᠂ ᠭᠡᠪᠡᠴᠦ ᠡᠨᠡ ᠵᠢᠯ᠂ ᠲᠡᠷᠡ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠶᠢᠰᠦᠳᠦᠭᠡᠷ ᠬᠤᠭᠤᠴᠠᠭᠠᠨ ᠤ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠭᠰᠠᠨ ᠳᠠᠭᠠᠨ ᠮᠠᠰᠢ ᠣᠮᠣᠭᠰᠢᠵᠤ ᠪᠠᠶᠢᠬᠤ ᠪᠠᠨ‌ᠢᠯᠡᠤᠡᠭᠡᠪᠡ᠃ ᠦᠨᠳᠦᠰᠦᠨ ᠱᠠᠲᠤᠨ ᠤ ᠨᠢᠭᠡᠨ ᠡᠮ ᠡᠮᠨᠡᠯᠭᠡ ᠶᠢᠨ ᠠᠵᠢᠯᠲᠠᠨ ᠪᠣᠯᠤᠭᠰᠠᠨ ᠤ ᠬᠤᠪᠢ ᠳᠤ ᠲᠡᠷᠡ ᠡᠮ ᠡᠮᠨᠡᠯᠭᠡ  ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠭᠡᠷ ᠪᠦᠯᠢ ᠶᠢᠨ ᠡᠮᠴᠢ ᠶᠢᠨ ᠲᠣᠬᠢᠷᠠᠭᠤᠯᠤᠯᠲᠠ ᠵᠡᠷᠭᠡ ᠲᠠᠯ᠎ᠠ ᠶᠢᠨ ᠰᠠᠨᠠᠯ ᠵᠥᠪᠯᠡᠯᠭᠡ ᠳᠤᠷᠠᠳᠴᠠᠶ᠃ ᠡᠨᠡ ᠤᠳᠠᠭᠠᠨ ᠤ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠡᠭᠡᠷ᠎ᠡ᠂ ᠲᠡᠷᠡ ᠲᠦᠷᠭᠡᠨ ᠢᠳᠡᠭᠡᠨ ᠤ ᠭᠠᠳᠠᠷ ᠪᠠᠭᠯᠠᠭ᠎ᠠ ᠨᠢ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠳᠤ ᠵᠠᠭᠠᠭ ᠠᠯᠤᠰᠯᠠᠨ ᠰᠠᠨᠠᠯ ᠳᠤᠷᠠᠳᠤᠯᠭ᠎ᠠ ᠲᠤᠷᠠᠤᠡᠴᠤ᠂ ᠲᠡᠷᠡ᠄ ︽ᠰᠢᠨ᠎ᠡ ᠲᠢᠲᠢᠮ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠥᠮᠦᠰ ᠢᠯᠡᠭᠦᠬᠡᠨ ᠭᠠᠳᠠᠨ᠎ᠠ ᠠᠴᠠ ᠬᠤᠳᠠᠯᠳᠤᠬᠤ ᠬᠡᠯᠪᠡᠷᠢ ᠪᠠᠷ ᠬᠤᠭᠤᠯᠠ ᠵᠠᠬᠢᠶᠠᠯᠠᠳᠠᠭ᠂ ᠲᠦᠷᠭᠡᠨ ᠢᠳᠡᠭᠡᠨ ᠤ ᠭᠠᠳᠠᠷ ᠪᠣᠭᠤᠳᠠᠯ ᠨᠢ ᠪᠦᠷ ᠰᠦᠯᠢᠶᠣᠣ ᠪᠠᠶᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠲᠤᠩ ᠠᠰᠢᠭ ᠦᠭᠡᠢ ᠪᠠᠶᠢᠬᠤ ᠶᠢ ᠪᠢ ᠣᠯᠵᠤ ᠮᠡᠳᠡᠪᠡ᠂ ᠮᠢᠨᠦ ᠰᠠᠨᠠᠯ ᠳᠤᠷᠠᠳᠤᠯᠭ᠎ᠠ ᠪᠠᠷ ᠳᠠᠮᠵᠢᠭᠤᠯᠤᠨ ᠡᠯ᠎ᠡ ᠡᠲᠡᠭᠡᠳ ᠤᠨ ᠬᠢᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠣᠷᠴᠢᠨ ᠲᠣᠭᠤᠷᠢᠨ ᠤ ᠰᠢᠯᠢᠳᠡᠭᠵᠢᠯ ᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠳᠠᠷᠠᠭ᠎ᠠ ᠠᠯᠬᠤᠮ ᠳᠤ ᠪᠢ ᠠᠷᠠᠳ ᠤᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠥᠪᠡᠷ ᠤᠨ ᠥᠴᠦᠬᠡᠨ ᠬᠦᠴᠦ ᠪᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠠᠤᠡᠭᠡᠨ᠎ᠡ         ᠲᠡᠳᠡ ᠵᠥᠪᠬᠡᠨ ᠬᠠᠶᠢᠷᠤᠪ ᠎ ᠤᠨ ᠲᠤᠭᠤᠷᠢᠭ ᠤᠨ ᠡᠯ᠎ᠡ ᠡᠲᠡᠭᠡᠳ ᠤᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠤᠡ ᠤᠨ ᠬᠤᠷᠢᠶᠠᠩᠭᠤᠶ ᠳᠦᠷᠰᠦ ᠲᠡᠳᠦᠶ ᠶᠤᠮ᠂ ᠲᠡᠳᠡᠨ ᠠᠴᠠ ᠭᠠᠳᠠᠨ᠎ᠠ ᠪᠠᠰᠠ ᠨᠠᠩ ᠣᠯᠠᠨ ᠭᠡᠰᠢᠭᠦᠳ ᠦᠵᠡᠭᠦᠯᠪᠡᠰᠦ ᠵᠣᠬᠢᠬᠤ ᠤᠶᠢᠯᠡᠳᠤᠯ ᠢᠶᠠᠨ ᠪᠠᠳᠠᠷᠠᠭᠤᠯᠵᠤ᠂ ᠦᠬᠠᠶ ᠬᠤᠲᠠ ᠪᠣᠯᠤᠨ ᠬᠠᠶᠢᠷᠤᠪ ᠤᠨ ᠲᠣᠬᠤᠢ ᠶᠢᠨ ᠲᠤᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠤᠶᠢᠯ  ᠤᠨ ᠠᠵᠢᠯ ᠤᠶᠢᠯᠡᠰ ᠤᠨ ᠬᠥᠭᠵᠢᠯᠲᠡ ᠳᠤ ᠰᠠᠶᠢᠨ ᠠᠷᠭ᠎ᠠ ᠪᠣᠳᠣᠯᠭ᠎ᠠ ᠭᠠᠷᠭᠠᠵᠤ᠂ ᠦᠨᠡᠨ ᠦᠭᠡ ᠬᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠥᠲᠥᠭᠡᠨ ᠪᠠᠶᠢᠭᠤᠯᠬᠤ ᠳᠤ ᠥᠪᠡᠷ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠵᠣᠷᠢᠭᠤᠯᠵᠤ ᠪᠠᠶᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号