ᠬᠠᠶᠢᠷᠤᠪ ᠤᠨ ᠲᠤᠬᠤᠢ ᠲᠤᠭᠤᠷᠢᠭ  ᠤᠨ ᠤᠳᠬ᠎ᠠ ᠤᠷᠠᠯᠢᠭ ᠤᠨ ᠠᠵᠢᠯᠲᠠᠳ ᠬᠢᠵᠢᠭ ᠢ ᠡᠰᠡᠷᠭᠦᠴᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020-03-26
     ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠡᠯ᠎ᠡ ᠤᠳᠬ᠎ᠠ ᠤᠷᠠᠯᠢᠭ ᠤᠨ ᠨᠡᠶᠢᠭᠡᠮᠯᠢᠭ ᠢ ᠵᠣᠬᠢᠶᠠᠨ ᠪᠠᠶᠢᠭᠤᠯᠤᠨ ᠬᠢᠵᠢᠭ ᠢ ᠡᠰᠡᠷᠭᠦᠴᠡᠬᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠥᠷᠨᠢᠭᠦᠯᠵᠦ᠂ ᠤᠳᠬ᠎ᠠ ᠤᠷᠠᠯᠢᠭ ᠤᠨ ᠬᠡᠯᠪᠡᠷᠢ ᠪᠠᠷ ︽ᠬᠠᠮᠤᠭ ᠤᠨ ᠭᠤᠶᠣ ᠰᠥᠷᠭᠡᠦ ᠠᠵᠢᠯᠯᠠᠭ᠎ᠠ︾᠎ ᠶᠢ ᠮᠠᠭᠲᠠᠨ ᠰᠠᠶᠢᠰᠢᠶᠠᠵᠤ᠂ ᠦᠬᠠᠨ ᠪᠠ ᠡᠬᠡ ᠤᠯᠤᠰ ᠲᠠᠭᠠᠨ ᠬᠦᠴᠦ ᠨᠡᠮᠡᠷᠢᠯᠡᠪᠡ᠃      ᠡᠭᠦᠨ ᠳᠤ᠂ ᠬᠠᠶᠢᠷᠤᠪ ᠤᠨ ᠲᠤᠬᠤᠢ ᠲᠤᠭᠤᠷᠢᠭ ‍ᠤᠨ‌ᠤᠷᠠᠨ ᠪᠢᠴᠢᠯᠭᠡ ᠶᠢᠨ ᠨᠡᠶᠢᠭᠡᠮᠯᠢᠭ ᠭᠡᠰᠢᠭᠦᠳ ᠢ ᠳᠠᠶᠢᠴᠢᠯᠠᠨ᠂ ᠡᠮᠦᠨ᠎ᠡ ᠹᠷᠤᠨᠲ ᠲᠤ ᠪᠠᠶᠢᠭ᠎ᠠ ᠪᠠᠭᠠᠲᠤᠷᠴᠤᠳ ᠪᠠ ᠴᠠᠭᠠᠨ ᠬᠤᠪᠴᠠᠰᠤᠲᠤ ᠠᠵᠢᠯᠳᠡᠨ ᠶᠢ ᠪᠢᠷ ᠪᠡᠭᠡ ᠪᠠᠷ ᠮᠠᠭᠲᠠᠨ ᠳᠠᠭᠤᠯᠠᠪᠠ᠃ ᠤᠷᠠᠨ ᠵᠢᠷᠤᠭᠴᠢᠨ ᠪᠠ ᠤᠷᠠᠨ ᠵᠢᠷᠤᠭ ᠲᠤ ᠪᠠᠭ᠋ᠠᠲᠠᠶ ᠬᠥᠮᠦᠰ ᠨᠢᠭᠡ ᠪᠦᠯᠦᠭ ︽ᠣᠯᠠᠨ ᠤ ᠵᠣᠷᠢᠭ ᠨᠢᠭᠡᠳᠴᠦ᠂ ᠬᠢᠵᠢᠭ ᠢ ᠡᠰᠡᠷᠭᠦᠴᠡᠬᠦ︾᠎ ᠪᠠᠷ ᠭᠤᠤᠯ ᠰᠡᠳᠦᠪ ᠪᠣᠯᠭᠠᠭᠰᠠᠨ ᠵᠢᠷᠤᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ ᠪᠠ ᠬᠥᠮᠦᠨ ᠤ ᠰᠡᠳᠬᠢᠯ ᠢ ᠬᠥᠳᠡᠯᠭᠡᠮ᠎ᠡ ᠦᠶ ᠣᠯᠠᠨ ᠤᠶᠢᠯᠡ ᠠᠵᠢᠯᠯᠠᠭ᠎ᠠ ᠶᠢ ᠵᠢᠷᠤᠭᠯᠠᠭᠰᠠᠨ ᠪᠠᠶᠢᠨ᠎ᠠ᠃ ᠳᠠᠭᠤᠷᠢᠯᠢᠭᠴᠢᠳ ᠤᠨ ᠨᠡᠶᠢᠭᠡᠮᠯᠢᠭ ᠨᠢ ᠥᠪᠡᠷ ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠱᠤᠭ ᠶᠠᠷᠢᠶ᠎ᠠ᠂ ᠤᠷᠠᠨ ᠲᠣᠳᠣ ᠤᠩᠰᠢᠯᠭ᠎ᠠ᠂ ᠭᠤᠷᠪᠠᠨ ᠥᠭᠦᠯᠡᠪᠦᠷᠢ ᠬᠠᠭᠠᠰ᠂ ᠣᠯᠠᠨ ᠬᠥᠮᠦᠨ ᠤ ᠴᠠᠷᠭᠢᠯ ᠬᠤᠯᠪᠣᠭ᠎ᠠ ᠵᠡᠷᠭᠡ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠣᠯᠠᠨ ᠶᠠᠩᠵᠤ ᠶᠢᠨ ᠤᠬᠠᠭᠤᠯᠬᠤ ᠠᠵᠢᠯᠯᠠᠭ᠎ᠠ ᠥᠷᠨᠢᠭᠦᠯᠳᠡᠭ᠃      ᠣᠳᠣᠬᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠬᠢᠵᠢᠭ ᠢ ᠡᠰᠡᠷᠭᠦᠴᠡᠬᠦ ᠰᠢᠯᠦᠭ ᠳᠠᠭᠤᠯᠠᠯ᠂ ᠤᠷᠠᠨ ᠪᠢᠴᠢᠯᠭᠡ ᠶᠢᠨ ᠪᠦᠲᠦᠭᠡᠯ᠂ ᠴᠠᠭᠠᠰᠤᠨ ᠬᠠᠶᠢᠴᠢᠯᠠᠮᠠᠯ ᠵᠡᠷᠭᠡ ᠮᠢᠩᠭ᠎ᠠ ᠭᠠᠷᠤᠢ ᠵᠦᠢᠯ ᠤᠳ ᠢ ᠵᠣᠬᠢᠶᠠᠨ ᠪᠠᠶᠢᠭᠤᠯᠵᠤ ᠵᠣᠬᠢᠶᠠᠨ ᠪᠦᠲᠦᠭᠡᠵᠡᠢ᠃ ᠮᠠᠰᠢ ᠣᠯᠠᠨ ᠬᠡᠯᠪᠡᠷᠢ ᠨᠢ ᠰᠢᠨ᠎ᠡ ᠰᠡᠪᠡᠭᠦᠨ᠂ ᠬᠡᠪ ᠨᠠᠮᠪᠠ ᠨᠢ ᠡᠷᠬᠢᠮᠰᠦᠭ᠂ ᠢᠳᠡᠪᠬᠢ ᠬᠦᠴᠦᠨ ᠪᠥᠬᠦᠶ ᠤᠳᠬ᠎ᠠ ᠤᠷᠠᠯᠢᠭ ᠤᠨ ᠪᠦᠲᠦᠭᠡᠯ ᠤᠷᠢᠳ ᠬᠤᠵᠢᠳ ᠬᠤᠲᠠ᠂ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠪᠠ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠎ ᠤᠨ ᠰᠤᠷᠤᠯᠴᠠᠬᠤ ᠲᠠᠪᠴᠠᠩ ᠳᠤ ᠭᠠᠷᠴᠤ᠂ ᠴᠢᠩᠭ᠎ᠠ ᠲᠤᠰᠬᠠᠯ ᠭᠠᠷᠭᠠᠵᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号