3 ᠰᠠᠷ᠎ᠠ ᠶᠢᠨ 26 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠠᠶᠢᠷᠤᠪ ᠤᠨ | ᠲᠣᠬᠤᠶ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠬᠤᠷᠠᠯᠳᠤᠪᠠ᠃ | | ᠬᠤᠷᠠᠯ ᠠᠴᠠ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠪᠡᠯᠡᠳᠬᠡᠯ ᠪᠠᠶᠢᠳᠠᠯ ᠢ ᠰᠣᠨᠣᠰᠴᠤ᠂ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ | ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ | ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠶ᠃ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠡᠮᠡᠵᠦ | ᠨᠥᠬᠦᠪᠥᠷᠢᠯᠡᠭᠰᠡᠨ ᠭᠡᠰᠢᠭᠦᠳ ᠤᠨ ᠨᠡᠷᠡᠰ ︵ᠲᠥᠰᠦᠯ︶ ᠤᠯᠤᠰ ᠲᠦᠷᠦ ᠵᠢᠨᠵᠥ᠋ᠪᠯᠡᠯᠭᠡᠨ ᠤ ᠬᠠᠶᠢᠷᠤᠪ ᠤᠨ ᠲᠤᠬᠤᠢ | ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ | ︵ᠲᠥᠰᠦᠯ︶ ᠪᠣᠯᠤᠨ ᠤᠯᠤᠰ ᠲᠦᠷᠦ ᠶᠢᠨ ᠵᠥᠪᠯᠡᠯᠭᠡᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ | ᠬᠤᠭᠤᠴᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠶ | ᠮᠡᠳᠡᠭᠦᠯᠦᠯᠲᠡ ︵ᠲᠥᠰᠦᠯ︶ ᠵᠢᠴᠢ 2019 ᠣᠨ ᠤ ᠤᠯᠤᠰ ᠲᠦᠷᠦ ᠶᠢᠨ ᠵᠥᠪᠯᠡᠯᠭᠡᠨ ᠤ ᠰᠢᠯᠢᠳᠡᠭ ᠭᠡᠰᠢᠭᠦᠨ ᠢ | ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠬᠤᠯᠪᠣᠭᠳᠠᠯ ᠪᠦᠬᠦᠢ ᠤᠴᠢᠷ ᠶᠠᠪᠤᠳᠠᠯ᠂ ᠲᠤᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠠᠴᠠ ᠨᠠᠰᠢᠬᠢ ᠰᠢᠯᠢᠳᠡᠭ | ᠰᠠᠨᠠᠯ ᠵᠥᠪᠯᠡᠯᠭᠡ ᠶᠢ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠤᠴᠢᠷ ᠶᠠᠪᠤᠳᠠᠯ ᠢ ᠬᠢᠨᠠᠨ ᠶᠠᠷᠢᠯᠴᠠᠵᠤ | ᠪᠠᠲᠤᠯᠠᠭᠠᠳ᠂ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ3 ᠰᠠᠷ᠎ᠠ ᠶᠢᠨ 29 ᠤ ᠡᠳᠦᠷ ᠠᠴᠠ | 3 ᠰᠠᠷ᠎ᠠ ᠶᠢᠨ 30 ᠤ ᠡᠳᠦᠷ ᠪᠣᠯᠲᠠᠯ᠎ᠠ ᠬᠤᠷᠠᠯᠳᠤᠭᠤᠯᠬᠤ ᠪᠠᠷ ᠲᠣᠭᠲᠠᠭᠠᠪᠠ᠃ | | |