ᠬᠠᠶᠢᠷᠤᠪ ᠤᠨ ᠲᠣᠬᠤᠢ ᠲᠣᠭᠤᠷᠢᠭ ᠰᠢᠨ᠎ᠡ ᠲᠢᠲᠢᠮ ᠠᠭᠤᠰᠬᠢᠨ ᠦᠷᠪᠢᠰᠦᠯ ᠤᠨ ᠵᠢᠯᠣᠭᠤᠳᠬᠤ ᠭᠠᠵᠠᠷ ᠤᠨ ᠠᠷᠪᠠᠨ ᠵᠢᠷᠭᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-05
     3 ᠰᠠᠷ᠎ᠠ ᠶᠢᠨ 3᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠵᠢᠯᠣᠭᠤᠳᠬᠤ ᠭᠠᠵᠠᠷ ᠤᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃
     ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠵᠢᠯᠣᠭᠤᠳᠬᠤ ᠭᠠᠵᠠᠷ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠠᠵᠢᠯᠯᠠᠬᠤ ᠲᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠰᠣᠨᠣᠰᠴᠤ᠂ ᠬᠠᠶᠢᠷᠤᠪ ᠤᠨ ᠲᠣᠬᠤᠶ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠠᠵᠢᠯ ᠢ ᠣᠨᠣᠪᠴᠢᠲᠠᠶ᠂ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠴᠢᠩᠭ᠎ᠠ ᠵᠢᠷᠤᠮᠵᠢᠭᠤᠯᠵᠤ᠂ ᠲᠥᠷᠥᠯ ᠬᠤᠪᠢᠶᠠᠨ ᠡᠮᠬᠢ ᠵᠢᠷᠤᠮ ᠲᠠᠢ ᠤᠶᠢᠯᠡᠤᠡᠪᠤᠷᠢᠯᠡᠯ ᠢ ᠵᠣᠬᠢᠶᠠᠨ ᠪᠠᠶᠢᠭᠤᠯᠵᠤ᠂ ᠬᠢᠵᠢᠭ ‍ᠤᠨ‌‍ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠥᠬᠡᠶ ᠤᠶᠢᠯᠡᠤᠡᠪᠤᠷᠢᠯᠡᠬᠦ᠂ ᠠᠵᠢᠯ ᠢᠶᠠᠨ ᠰᠡᠷᠭᠦᠵᠤ ᠤᠶᠢᠯᠡᠤᠡᠪᠤᠷᠢᠯᠡᠯ ᠢᠶᠠᠨ ᠰᠡᠷᠭᠦᠭᠡᠬᠦ ︽ᠭᠤᠷᠪᠠ ᠶᠢ ᠪᠣᠳᠠᠲᠠᠶᠢᠵᠢᠭᠤᠯᠬᠤ︾᠎ ᠶᠢ ᠦᠨᠡᠨᠬᠦ ᠪᠠᠲᠤᠯᠠᠬᠤ ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠬᠦᠨᠳᠦ ᠨᠣᠴᠢᠲᠠᠶ ᠪᠠᠶᠢᠭ᠎ᠠ ᠪᠠᠶᠢᠳᠠᠯ ᠳᠤᠤᠷ᠎ᠠ᠂ ᠡᠯ᠎ᠡ ᠰᠠᠯᠠᠭ᠎ᠠ ᠮᠥᠴᠢᠷ ᠤᠳ ᠳᠡᠭᠡᠳᠤ ᠳᠣᠣᠷᠠᠳᠤ ᠱᠠᠲᠤ ᠬᠠᠮᠲᠤᠷᠠᠨ ᠬᠥᠳᠡᠯᠦᠯᠴᠡᠵᠦ᠂ ᠣᠯᠠᠨ ᠠᠷᠭ᠎ᠠ‌‍ᠬᠡᠮᠵᠢᠶ᠎ᠠ ᠠᠪᠴᠤ ᠬᠠᠮᠢᠶᠠᠷᠤᠨ ᠡᠵᠡᠮᠳᠡᠵᠦ᠂ ᠬᠢᠯᠢ ᠶᠢᠨ ᠭᠠᠳᠠᠨᠠᠬᠢ ᠬᠥᠮᠦᠰ ᠣᠷᠣᠭᠤᠯᠵᠤ ᠢᠷᠡᠭᠰᠡᠨ ᠬᠥᠮᠦᠰ ᠤᠨ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ ᠡᠬᠡ ᠳᠠᠩᠰᠠ ᠶᠢ ᠪᠣᠳᠠᠲᠠᠶᠢᠵᠢᠭᠤᠯᠬᠤ᠂ ᠢᠯᠡ ᠨᠡᠶᠢᠲᠡᠯᠡᠬᠦ᠂ ᠬᠢᠨᠠᠯᠲᠠ ᠬᠠᠮᠢᠶᠠᠷᠤᠯᠲᠠ ᠶᠢ ᠪᠦᠲᠦᠮᠵᠢᠲᠡᠶ ᠪᠠᠶᠢᠯᠭᠠᠬᠤ᠂ ᠤᠶᠢᠯᠡᠴᠢᠯᠡᠭᠡ ᠳᠤ ᠬᠠᠨᠤᠮᠵᠢᠲᠠᠶ ᠪᠠᠶᠢᠯᠭᠠᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠢᠯᠠᠯᠲᠠ ᠤᠯᠬᠤ ᠬᠦᠰᠡᠯ ᠡᠷᠡᠮᠡᠯᠵᠡᠯ ᠲᠠᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠣᠨᠣᠷ ᠰᠡᠷᠡᠮᠵᠢ ᠪᠠᠨ ᠰᠤᠯᠠᠷᠠᠭᠤᠯᠵᠤ ᠪᠣᠯᠬᠤ ᠥᠬᠡᠶ᠂ ᠡᠯ᠎ᠡ ᠰᠠᠯᠠᠭ᠎ᠠ ᠮᠥᠴᠢᠷ ᠳᠡᠭᠡᠳᠦ ᠳᠣᠤᠷᠠᠳᠤ ᠱᠠᠲᠤ ᠪᠠᠷ ᠢᠶᠠᠨ ᠬᠠᠮᠳᠤᠷᠠᠨ ᠬᠥᠳᠡᠯᠦᠯᠴᠡᠵᠦ ᠬᠠᠷᠢᠭᠤᠴᠠᠯᠭ᠎ᠠ ᠪᠠᠨ ᠪᠥᠬᠦ ᠬᠦᠴᠦᠨ ᠢᠶᠠᠷ ᠢᠶᠠᠨ ᠪᠣᠳᠠᠲᠠᠶᠢᠵᠢᠭᠤᠯᠵᠤ᠂ ᠴᠢᠩᠭ᠎ᠠ ᠰᠡᠷᠭᠡᠶᠢᠯᠡᠨ ᠰᠠᠬᠢᠵᠤ᠂ ᠣᠨᠴᠠᠭᠠᠶ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠷᠬᠡ ᠰᠡᠳᠦᠪ ᠢ ᠰᠢᠢᠤᠡᠪᠤᠷᠢᠯᠡᠬᠦ ᠲᠡᠶᠢᠨ ᠤ ᠢᠯᠠᠯᠲᠠ ᠶᠢ ᠡᠷᠡᠰ ᠣᠯᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号