ᠬᠠᠶᠢᠷᠤᠪ ᠤᠨ ᠲᠣᠬᠤᠢ ᠲᠤᠭᠤᠷᠢᠭ ᠤᠨ ᠵᠠᠰᠠᠮᠠᠯ ᠵᠠᠮ ᠤᠨ ᠬᠡᠰᠡᠭ ᠲᠤ ᠵᠠᠮ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠨ᠎ᠠ
ᠨᠡᠶᠢᠲᠡᠯᠡᠭᠰᠡᠨ ᠴᠠᠭ᠄
2020-03-06
      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠤᠶᠢᠯᠡᠤᠡᠪᠤᠷᠢᠯᠡᠯ ᠢ ᠰᠡᠷᠭᠦᠭᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ᠂ ᠬᠠᠶᠢᠷᠤᠪ ᠤᠨ ᠲᠣᠬᠤᠶ ᠲᠤᠭᠤᠷᠢᠭ ᠎ ᠤᠨ ᠵᠠᠰᠠᠮᠠᠯ ᠵᠠᠮ ᠤᠨ ᠬᠡᠰᠡᠭ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠤᠶᠢᠯᠡᠳᠤᠯ ᠢ ᠭᠦᠢᠴᠠᠤᠡ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠵᠠᠮ ᠬᠠᠷᠢᠯᠴᠠᠭᠠᠨ ᠤ ᠠᠷᠠᠴᠢᠯᠠᠯᠲᠠ ᠪᠠᠨ ᠴᠢᠩᠭᠠᠳᠬᠠᠵᠤ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠭᠰᠠᠨ ᠪᠠᠶᠢᠨ᠎ᠠ᠃     ᠬᠠᠶᠢᠷᠤᠪ ᠤᠨ ᠲᠣᠬᠤᠢ ᠲᠤᠭᠤᠷᠢᠭ ᠤᠨ ᠵᠠᠰᠠᠮᠠᠯ ᠵᠠᠮ ᠤᠨ ᠬᠡᠰᠡᠭ ᠲᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠮ ᠤᠨ ᠪᠠᠶᠢᠳᠠᠯ ᠢ ᠲᠣᠭᠤᠷᠢᠨ ᠪᠠᠶᠢᠴᠠᠭᠠᠬᠤ ᠪᠠ ᠴᠡᠪᠡᠷᠯᠡᠬᠦ ᠠᠵᠢᠯ ᠢ ᠴᠢᠩᠭᠠᠳᠬᠠᠨ᠎ᠠ᠃ ᠠᠵᠢᠯ ᠤᠨ ᠪᠠᠶᠢᠷᠢ ᠳᠤ ᠭᠠᠷᠬᠤ ᠬᠥᠮᠦᠰ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠪᠡᠶ᠎ᠡ ᠵᠢᠨ‌ᠬᠠᠯᠠᠭᠤᠨ ᠤ ᠪᠠᠶᠢᠳᠠᠯ ᠦᠭᠡᠶ ᠪᠣᠯ ᠠᠵᠢᠯ ᠤᠨ ᠪᠠᠶᠢᠷᠢ ᠳᠤ ᠭᠠᠷᠴᠤ ᠠᠵᠢᠯᠯᠠᠵᠤ ᠪᠣᠯᠤᠨ᠎ᠠ᠃ ᠠᠵᠢᠯ ᠤᠨ ᠪᠠᠶᠢᠷᠢ ᠳᠤ ᠭᠠᠷᠬᠤ ᠬᠥᠮᠦᠰ ᠠᠮᠠᠪᠴᠢ ᠵᠡᠭᠦᠵᠦ᠂ ᠲᠠᠨᠢᠯ ᠪᠤᠰᠤ ᠬᠥᠮᠦᠨ ᠲᠠᠢ ᠣᠶᠢᠷᠠᠲᠤᠬᠤ ᠦᠭᠡᠶ ᠪᠠᠶᠢᠵᠤ᠂ ᠲᠡᠷᠭᠡ ᠬᠥᠰᠬᠡ ᠶᠢᠨ ᠳᠣᠲᠣᠷ᠎ᠠ ᠭᠠᠳᠠᠨ᠎ᠠ ᠪᠠᠨ ᠠᠷᠢᠭᠤᠳᠬᠠᠬᠤ ᠰᠢᠩᠭᠡᠨ ᠰᠦᠷᠴᠢᠵᠦ᠂ ᠠᠵᠢᠯ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠲᠣᠰ ᠬᠡᠰᠡᠭ ᠤᠨ ᠵᠠᠮ ᠱᠤᠭᠤᠮ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠎ ᠢᠶᠠᠨ ᠴᠢᠩᠭᠠᠷᠠᠭᠤᠯᠵᠤ᠂ ᠵᠠᠮ ᠳᠡᠭᠡᠷᠡᠬᠢ ᠬᠥᠨᠥᠭᠡᠯ ᠢ ᠴᠠᠭ ᠲᠤᠬᠠᠶ ᠳᠤᠨᠢ ᠠᠷᠢᠯᠭᠠᠨ᠂ ᠵᠠᠮ ᠳᠡᠭᠡᠷᠡᠬᠢ ᠬᠤᠩᠭᠢᠯ ᠢ ᠰᠡᠯᠪᠢᠨ ᠵᠠᠰᠠᠬᠤ ᠵᠠᠮ ᠤᠨ ᠬᠤᠬᠢᠷᠠᠯ ᠢ ᠰᠡᠯᠪᠢᠨ ᠵᠠᠰᠠᠬᠤ ᠵᠡᠷᠭᠡ ᠪᠠᠴᠢᠮ ᠪᠠᠶᠢᠳᠠᠯ ᠢ  ᠠᠷᠠᠴᠢᠯᠠᠨ ᠬᠠᠮᠠᠭᠠᠯᠠᠬᠤ ᠠᠵᠢᠯ ᠢ ᠬᠠᠮᠤᠭ ᠤᠨ ᠲᠦᠷᠦᠭᠦᠨ ᠳᠤ ᠰᠡᠯᠪᠢᠨ ᠵᠠᠰᠠᠵᠤ ᠪᠣᠳᠠᠲᠠᠶᠢᠵᠢᠭᠤᠯᠤᠨ᠎ᠠ︔ ᠵᠠᠮ ᠳᠠᠭᠠᠤ ᠶᠢᠨ ᠭᠡᠭᠡᠭᠰᠡᠨ᠂ ᠡᠪᠳᠡᠷᠡᠵᠦ ᠰᠤᠶᠢᠳᠤᠭ᠍ᠰᠡᠨ ᠲᠡᠮᠳᠡᠭ ᠫᠠᠶᠢᠰᠠ ᠶᠢ ᠴᠠᠭ ᠲᠤᠬᠠᠶ ᠳᠤᠨᠢ ᠨᠥᠬᠦᠪᠥᠷᠢᠯᠡᠵᠦ ᠰᠡᠯᠪᠢᠨ ᠵᠠᠰᠠᠵᠤ᠂ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠳᠤᠯᠠᠬᠤ ᠬᠡᠷᠡᠭᠲᠡᠶ︔ ᠪᠣᠶ ᠪᠥᠬᠦᠶ ᠬᠥᠭᠦᠷᠭᠡᠨ ᠭᠤᠯᠳᠤᠩ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠠᠶᠤᠯᠲᠠᠶ ᠬᠥᠭᠦᠷᠭᠡᠨ ᠭᠤᠯᠳᠤᠩ ᠢ ᠭᠤᠤᠯᠳᠠᠯᠭ᠎ᠠ ᠲᠠᠢ ᠪᠠᠶᠢᠴᠠᠭᠠᠵᠤ᠂ ᠪᠣᠶ ᠪᠥᠬᠦᠶ ᠬᠥᠭᠦᠷᠭᠡᠨ ᠭᠤᠯᠳᠤᠩ ᠤᠨ ᠪᠠᠶᠢᠳᠠᠯ ᠰᠠᠶᠢᠨ ᠪᠠᠶᠢᠬᠤ ᠶᠢ ᠪᠠᠲᠤᠯᠠᠵᠤ᠂ ᠵᠠᠮ ᠨᠡᠪᠲᠡᠷᠡᠯᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃     ᠡᠭᠦᠨ ᠤ ᠬᠠᠮᠲᠤ᠂ ᠲᠣᠰ ᠬᠡᠰᠡᠭ ᠲᠤ ᠪᠠᠰᠠ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠬᠢ ᠶᠢᠨ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠺᠠᠳ᠋ᠷ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠪᠠ ᠭᠠᠳᠠᠭᠰᠢ ᠭᠠᠷᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ᠂ ᠬᠢᠵᠢᠭ ᠤᠨ ᠪᠠᠶᠢᠳᠠᠯ ᠤᠨ ᠡᠳᠤᠷ ᠮᠡᠳᠡᠭᠦᠯᠬᠦ ᠬᠦᠰᠦᠨᠦᠭᠲᠦ ᠶᠢ ᠡᠳᠦᠷ ᠪᠦᠷᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠬᠢᠵᠢᠭ ᠤᠨ ᠪᠠᠶᠢᠳᠠᠯ᠊ ᠭᠠᠷᠤᠮᠠᠭᠴᠠ ᠳᠠᠷᠤᠶ ᠲᠦᠷᠭᠡᠨ ᠮᠡᠳᠡᠭᠦᠯᠬᠦ ᠪᠥᠭᠡᠳ ᠵᠣᠬᠢᠴᠠᠩᠭᠤᠶ ᠰᠢᠢᠤᠡᠪᠤᠷᠢᠯᠡᠬᠦ ᠠᠷᠭ᠎ᠠ ᠬᠡᠮᠵᠢᠶ᠎ᠡ ᠶᠢ ᠰᠠᠶᠢᠳᠤᠷ ᠬᠢᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号