ᠬᠠᠶᠢᠷᠤᠪ ᠤᠨ ᠲᠣᠬᠤᠢ ᠲᠣᠭᠤᠷᠢᠭ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 177 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠲᠣᠭᠤᠷᠢᠭ ᠤᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-09
     3 ᠰᠠᠷ᠎ᠠ ᠶᠢᠨ 6᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 177 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠣᠭᠤᠷᠢᠭ ᠤᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠨ ᠳᠣᠯᠣᠳᠤᠭᠠᠷ ᠬᠤᠷᠠᠯ ᠬᠤᠷᠠᠯᠳᠤᠪᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠲᠢᠲᠢᠮ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠢ ᠲᠠᠢ ᠹᠧᠩ ᠱᠦᠵᠢ᠂ ᠬᠤᠳᠠ ᠶᠢᠨ ᠨᠠᠮ ᠤᠨ ᠬᠤᠷᠢᠶᠠᠨ ᠤ ᠱᠢ ᠸᠠᠨ ᠵᠢᠶᠦ᠋ᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠲᠤᠰᠢᠶᠠᠯ ᠤᠨ ᠮᠡᠳᠡᠭᠦᠯᠦᠯᠲᠡ ᠬᠢᠭᠰᠡᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ ︵ᠬᠢᠨᠠᠨ ᠶᠠᠷᠢᠯᠴᠠᠬᠤ ᠨᠤᠤᠷᠠᠭ︶︾᠂ ︽ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠨ ᠴᠡᠭᠴᠡᠯᠡᠨ ᠵᠠᠰᠠᠬᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠠᠭᠤᠷᠠᠢ ᠭᠤᠭᠴᠤᠭ᠎ᠠ ᠪᠣᠯᠤᠨ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠎ ᠶᠢ ᠢᠯᠡᠷᠡᠭᠦᠯᠦᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ ︵ᠬᠢᠨᠠᠨ ᠶᠠᠷᠢᠯᠴᠠᠬᠤ ᠨᠤᠤᠷᠠᠭ︶︾᠎ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠶᠢᠷᠤᠪ ᠤᠨ ᠲᠣᠬᠤᠢ ᠶᠢᠨ ᠲᠣᠭᠤᠷᠢᠭ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠵᠢ‌ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠪᠣᠳᠠᠲᠠᠶ ᠠᠳᠬᠤᠵᠤ᠂ ᠨᠠᠷᠢᠨ ᠠᠳᠬᠤᠬᠤ ᠬᠡᠷᠡᠭᠲᠡᠶ︔ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠬᠢᠬᠦ ᠪᠣᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠢᠯᠡᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠤᠡᠬᠠᠵᠤ᠂ ᠡᠯ᠎ᠡ‌ᠵᠤᠶᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠲᠠᠯ᠎ᠠ ᠪᠠᠷ᠂ ᠲᠥᠰᠦᠯ ᠤᠨ ᠱᠠᠭᠠᠷᠳᠠᠯᠭ᠎ᠠ ᠶᠣᠰᠣᠭᠠᠷ ᠳᠠᠬᠢᠨ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠬᠦ ᠳᠤ ᠳᠠᠬᠢᠨ ᠵᠣᠬᠢᠶᠠᠨ ᠪᠠᠶᠢᠭᠤᠯᠵᠤ᠂ ᠳᠠᠬᠢᠨ ᠲᠥᠰᠦᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号