ᠬᠠᠶᠢᠷᠤᠪ ᠤᠨ ᠲᠣᠬᠤᠢ ᠲᠣᠭᠤᠷᠢᠭ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-09
     3 ᠳ᠋ᠤᠭᠠᠷ ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃      ᠬᠤᠷᠠᠯ ᠠᠴᠠ ᠪᠥᠬᠦ ᠲᠤᠭᠤᠷᠢᠭ ᠤᠨ ᠲᠤᠰᠬᠠᠶ ᠴᠡᠭᠴᠡᠯᠡᠨ ᠵᠠᠰᠠᠬᠤ ᠠᠵᠢᠯ ‍ᠤᠨ‌ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠶ ᠴᠡᠭᠴᠡᠯᠡᠨ ᠵᠠᠰᠠᠬᠤ ᠠᠵᠢᠯ ᠳᠤ ᠳᠠᠬᠢᠨ ᠲᠣᠬᠢᠷᠠᠭᠤᠯᠤᠯᠲᠠ ᠬᠢᠵᠦ᠂ ᠳᠠᠬᠢᠨ ᠪᠠᠶᠢᠷᠢᠯᠠᠭᠤᠯᠤᠯᠲᠠ ᠬᠢᠪᠠ᠃
    ᠬᠤᠷᠠᠯ ᠠᠴᠠ ᠴᠢᠬᠤᠯᠠᠴᠢᠯᠠᠭᠰᠠᠨ ᠨᠢ᠂ ᠬᠠᠶᠢᠷᠤᠪ ᠤᠨ ᠲᠣᠬᠤᠶ ᠲᠣᠭᠤᠷᠢᠭ ᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠦᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠠᠰᠠᠭᠤᠳᠠᠯ ᠳᠤ ᠲᠤᠰᠬᠠᠶ ᠴᠡᠭᠴᠡᠯᠡᠨ ᠵᠠᠰᠠᠯᠲᠠ ᠥᠷᠨᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠢᠭᠡ ᠭᠠᠷᠠᠭ ᠲᠤ ᠨᠢᠭᠡ ᠤᠳᠠᠭ᠎ᠠ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠮᠡᠳᠡᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠡᠯ᠎ᠡ ᠠᠵᠢᠯᠯᠠᠬᠤ ᠳᠤᠭᠤᠶᠢᠯᠠᠩ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠠᠤᠡᠭᠡᠵᠤ᠂ ᠨᠡᠭᠦᠷᠡᠰᠦᠨ ᠤ ᠡᠬᠢ ᠪᠠᠶᠠᠯᠢᠭ ᠢ ᠵᠢᠭᠰᠠᠭᠠᠨ ᠪᠠᠶᠢᠴᠠᠭᠠᠬᠤ ᠵᠡᠷᠭᠡ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠢᠷᠡᠯᠲᠡ ᠶᠢ ᠨᠢ ᠱᠠᠯᠠᠪᠳᠠᠨ ᠤᠬᠤᠴᠢᠯᠠᠵᠤ᠂ ᠠᠭᠤᠷᠬᠠᠢ ᠶᠢᠨ ᠦᠢᠯᠡᠰ ᠤᠨ ᠡᠷᠬᠡ ᠶᠢ ᠬᠤᠪᠢᠷᠠᠭᠤᠯᠤᠭᠰᠠᠨ ᠪᠠ ᠢᠷᠡᠯᠲᠡ ᠵᠡᠷᠭᠡ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠤᠰ ᠲᠤᠰ ᠤᠨ ᠬᠦᠷᠢᠶᠡᠨ ᠤ ᠳᠠᠩᠰᠠ ᠡᠪᠬᠡᠮᠡᠯ ᠤᠨ ᠮᠠᠲ᠋ᠧᠷᠢᠶᠠᠯ ᠢ ᠬᠢᠨᠠᠮᠠᠭᠠᠶ ᠡᠮᠬᠢᠯᠡᠵᠦ᠂ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠳᠠᠩᠰᠠ ᠡᠪᠬᠡᠮᠡᠯ ᠤᠨ ᠢ ᠡᠮᠬᠢᠯᠡᠬᠦ ᠠᠵᠢᠯ ᠢ ᠰᠠᠶᠢᠲᠤᠷ ᠬᠢᠵᠦ᠂ ᠨᠢᠭᠡ ᠠᠵᠤ ᠠᠬᠤᠶᠢᠯᠠᠯ ᠨᠢᠭᠡ ᠳᠠᠩᠰᠠ ᠡᠪᠬᠡᠮᠡᠯ᠂ ᠨᠢᠭᠡ ᠠᠭᠤᠷᠬᠠᠶ ᠨᠢᠭᠡ ᠳᠠᠩᠰᠠ ᠡᠪᠬᠡᠮᠡᠯ ᠢ ᠲᠦᠷᠭᠡᠬᠡᠨ ᠪᠠᠶᠢᠭᠤᠯᠵᠤ᠂ ᠪᠦᠷᠢᠨ ᠪᠦᠲᠦᠨ ᠭᠡᠷᠡᠴᠢ ᠪᠢᠴᠢᠭ ᠢ ᠪᠣᠶ ᠪᠣᠯᠭᠠᠬᠤ ᠬᠡᠷᠡᠭᠲᠡᠶ᠃ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ 2000 ᠣᠨ ᠠᠴᠠ ᠨᠠᠰᠢᠬᠢ ᠨᠡᠭᠦᠷᠡᠰᠦᠨ ᠤ ᠠᠵᠤ ᠠᠬᠤᠶᠢᠯᠠᠯ ᠤᠨ ᠢᠯᠵᠠᠷᠠᠯ ᠳᠤ ᠬᠤᠯᠪᠣᠭᠳᠠᠭᠰᠠᠨ ᠠᠰᠠᠭᠤᠳᠠᠯ ᠢ ᠪᠠᠶᠢᠴᠠᠭᠠᠨ ᠰᠢᠢᠤᠡᠪᠤᠷᠢᠯᠡᠭᠰᠡᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠠᠭᠤᠷᠬᠠᠶ ᠶᠢᠨ ᠤᠶᠢᠯᠡᠰ ᠤᠨ ᠡᠮᠬᠢ ᠵᠢᠷᠤᠮ ᠤᠨ ᠴᠡᠭᠴᠡᠯᠡᠯᠲᠡ ᠶᠢ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠮᠡᠳᠡᠬᠦ ᠨᠤᠷᠮ᠎ᠠ᠂ ᠣᠷᠣᠯᠴᠠᠬᠤ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠬᠦᠯᠢᠶᠡᠵᠦ᠂ ᠤᠯᠠᠨ ᠲᠦᠮᠡᠨ ᠳᠤ ᠴᠢᠩᠭ᠎ᠠ ᠲᠦᠰᠢᠭᠯᠡᠨ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号