ᠬᠠᠶᠢᠷᠤᠪ ᠤᠨ ᠲᠣᠬᠤᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ᠂ ᠤᠯᠤᠰ ᠲᠥᠷᠥ ᠶᠢᠨ ᠵᠥᠪᠯᠡᠯᠭᠡᠨ ᠤ ᠨᠠᠢᠮᠠᠳᠣᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠣᠭᠠᠨ ᠲᠡᠭᠦᠰᠪᠡ
ᠨᠡᠶᠢᠲᠡᠯᠡᠭᠰᠡᠨ ᠴᠠᠭ᠄
2020-04-10
     3 ᠰᠠᠷ᠎ᠠ ᠶᠢᠨ 31᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠦᠰᠪᠡ᠃ 2019 ᠣᠨ ᠳᠤ᠂ ᠬᠠᠶᠢᠷᠤᠪ ᠤᠨ ᠲᠤᠬᠤᠢ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠣᠳᠣᠷᠢᠳᠣᠯᠭ᠎ᠠ ᠳᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠳᠠᠯᠠᠵᠦ᠂ ︽ᠲᠠᠪᠤᠨ ᠣᠷᠣᠨ︾᠎ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠴᠢᠨᠠᠷ ᠰᠠᠶᠢᠲᠠᠶ ᠬᠦᠭᠵᠢᠯᠳᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠬᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠡᠶᠡᠯᠡᠬᠦᠯᠪᠡ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 9.8% ᠨᠡᠮᠡᠭᠳᠡᠵᠦ᠂ ᠲᠣᠭᠲᠠᠮᠠᠯ ᠬᠦᠷᠦᠩᠭᠡ ᠶᠢᠨ ᠪᠠᠯᠠ ᠣᠷᠣᠭᠤᠯᠤᠯᠲᠠ 10.1% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ 4.4% ᠨᠡᠮᠡᠭᠳᠡᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 19. 8% ᠨᠡᠮᠡᠭᠳᠡᠵᠦ᠂ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 6.2% ᠪᠠ 9.3% ᠨᠡᠮᠡᠭᠳᠡᠪᠡ᠃ 2020 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠡᠷᠡᠰ ᠢᠯᠠᠯᠲᠠ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠦᠬᠦ ᠲᠠᠯ᠎ᠠ ᠪᠠᠷ ᠪᠡᠶᠡᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠳᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠵᠦ᠂ ᠰᠢᠰᠲ᠋ᠧᠮ ᠤᠨ ᠠᠶᠤᠯ ᠲᠦᠭᠰᠢᠬᠦᠷᠢ ᠡᠭᠦᠰᠬᠦ ᠦᠭᠡᠢ ᠪᠠᠶᠢᠬᠤ ᠶᠢ ᠪᠠᠲᠤᠯᠠᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ︔ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠲᠦᠷᠭᠡᠳᠬᠡᠵᠦ᠂ ᠴᠢᠨᠠᠷ ᠰᠠᠶᠢᠳᠠᠢ ᠬᠥᠭᠵᠢᠯᠲᠡ ᠶᠢ ᠠᠭᠢᠭᠤᠯᠤᠨ᠎ᠠ︔ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ  ᠪᠦᠲᠦᠮᠵᠢᠲᠡᠢ ᠬᠡᠷᠡᠭᠴᠡᠭᠡ ᠶᠢ ᠦᠷᠭᠡᠳᠭᠡᠨ᠎ᠡ︔ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ︔ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ︔ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠎ᠡ︔ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠤᠨ᠎ᠠ᠃ ᠲᠠᠬᠢᠨ ᠮᠡᠳᠡᠭᠡ 3 ᠰᠠᠷ᠎ᠠ ᠶᠢᠨ 30᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠣᠭᠠᠨ ᠲᠡᠭᠦᠰᠪᠡ᠃ 2020 ᠣᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠬᠢᠵᠢᠭᠦᠯᠬᠦ ᠭᠤᠤᠯ ᠲᠡᠩᠭᠡᠯᠢᠭ ᠪᠣᠯᠭᠠᠵᠤ᠂ ᠦᠢᠯᠡᠴᠢᠯᠡᠭᠡᠨ ᠤ ᠲᠥᠪ ᠤᠨ ᠠᠵᠢᠯ ᠪᠣᠯᠤᠨ ᠠᠷᠠᠳ ᠣᠯᠠᠨ ᠤ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠠᠵᠢᠯ ᠤᠨ ᠭᠤᠤᠯ ᠰᠢᠵᠢᠮ ᠪᠣᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠭ᠎ᠠ ᠶᠢ ᠴᠢᠩᠭᠠᠳᠬᠠᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠭᠤᠤᠯ ᠵᠠᠩᠭᠢᠯᠠᠭ᠎ᠠ ᠪᠣᠯᠭᠠᠵᠤ᠂ ᠪᠦᠯᠬᠦᠮᠳᠡᠯ ᠪᠣᠯᠤᠨ ᠠᠷᠠᠳᠴᠢᠯᠠᠯ ᠤᠨ ᠬᠤᠶᠠᠷ ᠶᠡᠭᠡ ᠭᠤᠤᠯ ᠰᠡᠳᠦᠪ ᠢ ᠪᠠᠷᠢᠮᠲᠠᠯᠠᠨ᠎ᠠ᠃ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠤᠷᠤᠯᠴᠠᠵᠦ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠦᠨᠡᠨ ᠬᠦ ᠬᠦᠢᠴᠡᠳᠬᠡᠵᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠬᠤᠤᠰ ᠴᠢᠭᠯᠡᠯ ᠢᠶᠠᠷ ᠬᠦᠴᠦᠯᠡᠬᠦ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠠᠶᠢᠷᠤᠪ ᠤᠨ ᠲᠤᠬᠤᠢ ᠶᠢᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号