ᠬᠠᠶᠢᠷᠤᠪ ᠤᠨ ᠲᠣᠬᠤᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-10
     3 ᠰᠠᠷ᠎ᠠ ᠶᠢᠨ 30᠎ ᠠᠴᠠ 31᠎ ᠤ ᠡᠳᠦᠷ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠬᠤᠷᠠᠯ ᠳᠤ ᠣᠷᠣᠯᠴᠠᠪᠠ᠃ ᠬᠤᠷᠠᠯ ᠠᠴᠠ ᠵᠢᠭᠠᠵᠦ ᠭᠠᠷᠭᠠᠭᠰᠠᠨ ᠨᠢ᠂ 2020 ᠣᠨ ᠳᠤ᠂ ᠬᠠᠶᠢᠷᠤᠪ ᠤᠨ ᠲᠣᠬᠤᠢ ᠲᠣᠭᠤᠷᠢᠭ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠪᠠᠷ ᠬᠥᠳᠡᠯᠭᠡᠬᠦ ᠬᠦᠴᠦᠨ ᠪᠣᠯᠭᠠᠵᠤ᠂ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠠ᠃ ︽ᠲᠠᠪᠤᠨ ᠣᠷᠣᠨ︾᠎ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠭᠠᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠣᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨ ᠬᠦ ᠪᠠᠲᠤᠯᠠᠨ᠎ᠠ ᠬᠡᠵᠡᠢ᠃ 2020 ᠣᠨ ᠤ ᠬᠠᠶᠢᠷᠤᠪ ᠤᠨ ᠲᠣᠬᠤᠢ ᠲᠤᠭᠤᠷᠢᠭ ᠤᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6%᠎ ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8%᠎ ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 6%᠎ ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4%᠎ ᠪᠠᠷ ᠨᠡᠮᠡᠭᠳᠡᠭᠦᠯᠵᠦ᠂ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 7%᠎ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠪᠠ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠭᠦᠢᠴᠡᠳᠬᠡᠬᠦ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号