ᠬᠠᠶᠢᠷᠤᠪ ᠤᠨ ᠲᠣᠬᠤᠢ ᠲᠤᠭᠤᠷᠢᠭ ᠤᠨ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠪᠠᠭᠰᠢ ᠨᠠᠷ ᠶᠠᠭᠠᠷᠠᠤ ᠰᠤᠷᠤᠯᠴᠠᠵᠤ ᠪᠠᠶᠢᠨ᠎ᠠ
ᠨᠡᠶᠢᠲᠡᠯᠡᠭᠰᠡᠨ ᠴᠠᠭ᠄
2020-04-10
      ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠬᠢᠵᠢᠭ ᠤᠨ ᠪᠠᠶᠢᠳᠠᠯ ᠠᠴᠠ ᠪᠣᠯᠵᠤ ᠬᠡᠪ ᠤᠨ ᠶᠣᠰᠣᠭᠠᠷ ᠴᠡᠴᠡᠷᠯᠢᠭ ᠨᠡᠭᠡᠭᠡᠵᠦ ᠳᠠᠢᠯᠠᠬᠤ ᠦᠭᠡᠢ ᠪᠠᠶᠢᠭ᠎ᠠ  ᠬᠦᠴᠢᠷᠳᠡᠯ ᠢ ᠬᠠᠪᠰᠤᠷᠤᠨ ᠰᠢᠢᠤᠡᠪᠤᠷᠢᠯᠡᠬᠦ ᠶᠢᠨ ᠲᠥᠯᠥᠭᠡ᠃ 4ᠳ᠋ᠦᠭᠡᠷ ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠦᠮᠤᠵᠢᠯ ᠤᠨ ᠲᠣᠪᠴᠢᠶ᠎ᠠ ᠠᠴᠠ ᠲᠣᠭᠤᠷᠢᠭ ᠤᠨ ᠠᠵᠢᠯ ᠣᠯᠭᠤᠯᠲᠠ ᠶᠢᠨ ᠲᠣᠪᠴᠢᠶ᠎ᠠ ᠲᠠᠢ ᠬᠠᠮᠳᠤᠷᠠᠨ ᠢ ᠯᠢᠨ ᠪᠠᠭ᠎ᠠ ᠰᠤᠷᠭᠠᠭᠠᠤᠯᠢ ᠳᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠠᠵᠢᠯ ᠣᠯᠭᠤᠬᠤ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠵᠦ᠂ ᠪᠥᠬᠦ ᠲᠤᠭᠤᠷᠢᠭ ᠤᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ 30 ᠭᠠᠷᠤᠶ ᠬᠠᠷᠢᠭᠤᠴᠠᠯᠭᠠᠲᠠᠨ ᠣᠷᠣᠯᠴᠠᠵᠠᠶ᠃
    ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠬᠤ ᠲᠣᠪᠴᠢᠶ᠎ᠠ ᠶᠢᠨ ᠠᠵᠢᠯᠲᠠᠨ PPT ᠳᠡᠭᠡᠷ᠎ᠡ ᠲᠥᠷᠥ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠬᠡᠯᠪᠡᠷᠢ ᠪᠠᠷ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠡᠯ᠎ᠡ ᠬᠠᠷᠢᠭᠤᠴᠠᠯᠭᠠᠲᠠᠨ ᠳᠤ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠭᠤᠯᠤᠯ ᠳᠤ ᠨᠡᠶᠢᠲᠡ ᠲᠠᠪᠤᠨ ᠠᠭᠤᠯᠭ᠎ᠠ ᠪᠣᠶ᠂ ᠲᠣᠰ ᠲᠣᠰ᠄ ᠠᠵᠢᠯ ᠣᠯᠭᠤᠯᠲᠠ ᠠᠵᠢᠯ ᠠᠯᠳᠠᠯᠲᠠ ᠶᠢᠨ ᠳᠡᠩᠰᠡᠯᠡᠯᠲᠡ ᠵᠢᠨ‌ᠦᠨᠡᠮᠯᠡᠯ ᠢ ᠭᠦᠢᠴᠠᠤᠡᠭᠡᠬᠦ᠂ ᠠᠵᠢᠯᠲᠠᠨ ᠡᠯᠰᠡᠬᠦ ᠴᠤᠭᠯᠠᠭᠠᠨ︔ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ᠂ ᠨᠥᠬᠦᠪᠥᠷᠢ ᠣᠯᠭᠤᠬᠤ︔ ᠠᠵᠢᠯ ᠠᠯᠳᠠᠭᠰᠠᠳ ᠤᠨ ᠳᠠᠭᠠᠳᠬᠠᠯ ᠤᠨ ᠳᠦᠷᠢᠮ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ︔ ᠠᠵᠢᠯ ᠣᠯᠭᠤᠬᠤ ᠠᠳᠠᠯ ᠤᠶᠢᠯᠡᠰ ᠴᠣᠭᠴᠠᠯᠠᠬᠤ ᠪᠣᠯᠪᠠᠰᠤᠷᠠᠭᠤᠯᠤᠯ︔ ᠠᠳᠠᠯ ᠤᠶᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠶᠢ ᠭᠦᠢᠴᠠᠤᠡᠭᠡᠬᠦ᠃     ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠪᠦᠬᠦ ᠲᠤᠭᠤᠷᠢᠭ ᠤᠨ ᠬᠡᠤᠬᠡᠳ ᠤᠨ ᠴᠡᠴᠡᠷᠯᠢᠭ ᠤᠨ ᠶᠡᠷᠦᠩᠬᠡᠶ ᠲᠣᠭᠠᠨ ᠤ 49%᠎ ᠶᠢ ᠡᠵᠡᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠪᠣᠯᠤᠨ᠎ᠠ᠃ ᠪᠣᠯᠪᠠᠰᠤᠷᠠᠭᠤᠯᠤᠯ ᠤᠨ ᠬᠤᠷᠠᠯ ᠳᠡᠭᠡᠷᠡᠬᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠᠷ ᠳᠡᠮᠵᠢᠨ᠂ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠠᠵᠢᠯ ᠤᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠨ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠮᠡᠳᠡᠪᠡᠯ ᠵᠣᠬᠢᠬᠤ ᠶᠢ ᠪᠦᠬᠦᠨ ᠢ ᠮᠡᠳᠡᠵᠦ᠂ ᠨᠥᠬᠦᠴᠡᠯ ᠳᠤ ᠨᠡᠶᠢᠴᠡᠬᠦ ᠶᠢ ᠨᠢ ᠪᠦᠷᠢᠨ ᠡᠳ᠋ᠯᠡᠵᠦ᠂ ᠪᠠᠭᠰᠢ ᠵᠢᠨ‌ᠡᠩᠨᠡᠭᠡ ᠶᠢ ᠪᠦᠲᠦᠮᠵᠢᠲᠡᠶ ᠲᠣᠭᠲᠠᠪᠤᠷᠢᠵᠢᠭᠤᠯᠵᠤ᠂ ᠲᠠᠷᠠᠭᠠᠴᠢ ᠶᠢᠨ ᠠᠯᠬᠤᠮ ᠳᠤ ᠬᠡᠪ ᠤᠨ ᠶᠣᠰᠣᠭᠠᠷ ᠴᠡᠴᠡᠷᠯᠢᠭ ᠨᠡᠭᠡᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号