ᠲᠣᠭᠤᠷᠢᠭ ᠤᠨ ᠳᠠᠷᠤᠭ᠎ᠠ ᠡᠤ ᠰᠢᠶᠤᠤ ᠳ᠋ᠦᠩ ᠵᠦᠩ ᠾᠧ ᠶᠤᠸᠠᠨ ᠨᠡᠶᠢᠭᠡᠮ ᠲᠣᠭᠤᠷᠢᠭ ᠤᠨ ᠴᠡᠴᠡᠭ ᠲᠠᠷᠢᠬᠤ ᠰᠠᠭᠤᠷᠢᠨ ᠭᠠᠵᠠᠷ ᠢᠶᠠᠷ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020-04-10
     4 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠡᠤ ᠰᠢᠶᠤᠤ ᠳ᠋ᠦᠩ ᠵᠦᠩ ᠾᠧ ᠶᠤᠸᠠᠨ ᠨᠡᠶᠢᠭᠡᠮ ᠲᠣᠭᠤᠷᠢᠭ ᠤᠨ ᠬᠤᠸᠠᠷ ᠴᠡᠴᠡᠭ ᠲᠠᠷᠢᠬᠤ ᠰᠠᠭᠤᠷᠢᠨ ᠭᠠᠵᠠᠷ ᠲᠤ ᠬᠦᠷᠴᠦ ᠠᠵᠢᠯ ᠪᠠᠶᠢᠴᠠᠭᠠᠵᠤ ᠵᠢᠭᠠᠨ ᠵᠢᠯᠣᠭᠤᠳᠪᠠ᠃
     ᠵᠥᠩ ᠾᠧ ᠶᠤᠸᠠᠨ ᠨᠡᠶᠢᠭᠡᠮ ᠲᠣᠭᠤᠷᠢᠭ ᠤᠨ ᠬᠤᠸᠠᠷ ᠴᠡᠴᠡᠭ ᠳᠠᠷᠢᠬᠤ ᠰᠠᠭᠤᠷᠢᠨ ᠭᠠᠵᠠᠷ ᠪᠣᠯ ᠨᠡᠶᠢᠭᠡᠮ ᠲᠣᠭᠤᠷᠢᠭ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠣᠷᠣᠭᠤᠯᠤᠭᠰᠠᠨ ᠠᠩᠬᠠᠳᠠᠭᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠶᠠᠳᠠᠭᠤ ᠶᠢ ᠲᠡᠳᠬᠦᠬᠦ ᠲᠥᠷᠥᠯ ᠵᠤᠶᠢᠯ ᠪᠣᠯᠤᠨ᠎ᠠ᠂ ᠲᠥᠷᠥᠯ ᠵᠤᠶᠢᠯ ᠤᠨ ᠡᠵᠡᠩᠨᠡᠯᠲᠡ ᠶᠢᠨ ᠲᠠᠯ᠎ᠠ ᠨᠢ ᠯᠢᠩ ᠾᠧᠩ ᠲᠠᠷᠢᠶᠠᠯᠠᠩ ᠤᠨ ᠲᠤᠰᠬᠠᠶ ᠬᠤᠷᠰᠢᠶ᠎ᠠ ᠪᠣᠯᠤᠨ᠎ᠠ᠃ ᠲᠥᠷᠥᠯ ᠵᠤᠶᠢᠯ ᠨᠢ ᠵᠥᠩ ᠾᠧ ᠶᠤᠸᠠᠨ ᠨᠡᠶᠢᠭᠡᠮ ᠲᠣᠭᠤᠷᠢᠭ ᠤᠨ ᠬᠠᠲᠤᠨ ᠭᠤᠤᠯ ᠤᠨ ᠬᠥᠪᠡᠭᠡᠨ ᠳᠠᠬᠢ ᠠᠵᠤ ᠤᠶᠢᠯᠡᠰ ᠤᠨ ᠣᠶ ᠶᠢᠨ ᠪᠦᠰᠡ ᠶᠢᠨ ᠬᠠᠵᠠᠭᠤ ᠳᠤ ᠪᠠᠶᠢᠷᠢᠯᠠᠵᠤ᠂ ᠨᠡᠶᠢᠭᠡᠮ ᠲᠣᠭᠤᠷᠢᠭ ᠤᠨ ᠬᠢᠨ ᠨᠢᠭᠡ ᠬᠦᠯᠡᠮᠵᠢ ᠪᠠ 30 ᠮᠥ ᠭᠠᠵᠠᠷ ᠰᠢᠷᠣᠶ ᠪᠠᠷ ᠬᠤᠪᠢ ᠣᠷᠣᠵᠤ᠂ ᠵᠠᠮᠴᠢᠯᠠᠭ᠎ᠠ ᠶᠢᠨ ᠬᠤᠷᠰᠢᠶ᠎ᠠ ᠨᠢ ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠵᠤ᠂ ᠨᠢᠭᠡᠳᠦᠭᠡᠷ ᠵᠢᠯ ᠳᠤ ᠲᠣᠰᠬᠤᠨ ᠤ ᠬᠠᠮᠲᠤ ᠶᠢᠨ ᠠᠵᠤ ᠠᠬᠤᠶ ᠳᠤ ᠲᠦᠮᠡᠨ ᠲᠥᠭᠦᠷᠢᠭ ᠤᠨ ᠠᠰᠢᠭ ᠣᠷᠣᠯᠭ᠎ᠠ ᠣᠯᠭᠤᠵᠤ᠂ ᠬᠤᠶᠢᠰᠢᠳᠠ ᠶᠢᠨ ᠵᠢᠯ ᠪᠦᠷᠢ ᠶᠢᠨ ᠠᠰᠢᠭ ᠣᠷᠣᠯᠭ᠎ᠠ ᠶᠢ ᠪᠣᠳᠠᠲᠤ ᠪᠠᠶᠢᠳᠠᠯ ᠢᠶᠠᠨ ᠦᠨᠳᠦᠰᠦᠯᠡᠨ ᠲᠤᠭᠳᠠᠭᠠᠨ᠎ᠠ᠃ ᠬᠤᠷᠰᠢᠶ᠎ᠠ ᠨᠢ ᠵᠢᠯ ᠪᠦᠷᠢ ᠨᠡᠶᠢᠭᠡᠮ ᠲᠣᠭᠤᠷᠢᠭ ᠲᠤ 30 ᠬᠥᠮᠦᠨ ᠤᠳᠠᠭ᠎ᠠ ᠠᠴᠠ ᠳᠣᠤᠷ᠎ᠠ ᠦᠭᠡᠶ ᠠᠵᠢᠯ ᠣᠯᠭᠤᠬᠤ ᠲᠣᠬᠢᠶᠠᠯ ᠢ ᠬᠠᠩᠭᠠᠨ᠎ᠠ᠃ ᠨᠡᠶᠢᠭᠡᠮ ᠲᠣᠭᠤᠷᠢᠭ ᠤᠨ ᠶᠠᠳᠠᠭᠤ ᠬᠦᠴᠢᠷᠳᠡᠯᠲᠡᠢ ᠡᠷᠦᠬᠡ ᠯᠢᠦ ᠽᠢ ᠫᠢᠩ ᠪᠣᠯᠤᠨ ᠰᠢᠶᠠᠩ ᠶᠢᠩ ᠵᠢᠶᠦ᠋ᠨ ᠠᠩᠬ᠎ᠠ ᠠᠯᠬᠤᠮ ᠬᠤᠷᠰᠢᠶ᠎ᠠ ᠲᠠᠢ ᠠᠵᠢᠯᠴᠢᠨ ᠬᠡᠷᠡᠭᠯᠡᠬᠦ ᠰᠠᠨᠠᠮᠵᠢ ᠲᠠᠢ ᠪᠣᠯᠪᠠ᠃      ᠰᠠᠭᠤᠷᠢᠨ ᠭᠠᠵᠠᠷ ᠤᠨ ᠲᠤᠬᠠᠶ ᠶᠢᠨ ᠲᠠᠯᠠᠪᠠᠶ ᠳᠤ᠂ ᠦ᠋ ᠲᠣᠭᠤᠷᠢᠭ ᠤᠨ ᠳᠠᠷᠤᠭ᠎ᠠ ᠬᠤᠷᠰᠢᠶ᠎ᠠ ᠵᠢᠨ‌ᠬᠠᠷᠢᠭᠤᠴᠠᠯᠭᠠᠳᠠᠨ ᠠᠴᠠ ᠬᠤᠷᠰᠢᠶ᠎ᠠ ᠶᠢᠨ ᠳᠠᠩᠰᠠᠯᠠᠭᠤᠯᠤᠭᠰᠠᠨ ᠭᠠᠷᠳᠠᠮ᠂ ᠲᠦᠷᠢᠮ᠂ ᠲᠥᠷᠥᠯ ᠵᠤᠶᠢᠯ ᠤᠨ ᠠᠰᠢᠭ ᠣᠷᠣᠯᠭ᠎ᠠ᠂ ᠠᠯᠤᠰ ᠢᠷᠡᠭᠡᠳᠦᠶ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠵᠦ ᠪᠠᠶᠢᠭ᠎ᠠ ᠪᠠᠶᠢᠳᠠᠯ ᠵᠢᠴᠢ ᠭᠠᠵᠠᠷ ᠰᠢᠷᠣᠶ ᠶᠢ ᠬᠡᠷᠡᠭᠯᠡᠬᠦ ᠡᠷᠬᠡ ᠶᠢᠨ ᠬᠠᠷᠢᠶᠠᠯᠠᠯ ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠪᠠ᠃ ᠦ᠋ ᠲᠣᠭᠤᠷᠢᠭ ᠤᠨ ᠳᠠᠷᠤᠭ᠎ᠠ ᠵᠢᠭᠠᠵᠤ ᠭᠠᠷᠭᠠᠭᠰᠠᠨ ᠨᠢ᠂ ᠲᠥᠷᠥᠯ ᠵᠤᠶᠢᠯ ᠨᠢ ᠦᠷᠭᠦᠯᠵᠢᠯᠡᠬᠦ ᠴᠢᠨᠠᠷᠲᠠᠶ ᠪᠠᠶᠢᠪᠠᠯ ᠰᠠᠶ᠋ᠢ ᠲᠣᠰᠬᠤᠨ ᠤ ᠬᠠᠮᠲᠤ ᠶᠢᠨ ᠠᠵᠤ ᠠᠬᠤᠶ ᠳᠤ ᠦᠷᠭᠦᠯᠵᠢᠯᠡᠨ ᠠᠰᠢᠭ ᠣᠷᠣᠯᠭ᠎ᠠ ᠣᠯᠭᠤᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠭᠥᠷᠳᠡᠬᠦ ᠶᠢ ᠨᠠᠩ ᠰᠠᠶᠢᠲᠤᠷ ᠳᠠᠶᠢᠴᠢᠯᠠᠵᠤ ᠴᠢᠳᠠᠨ᠎ᠠ᠃ ᠣᠳᠣᠬᠠᠨ ᠳᠤ᠂ ᠰᠠᠭᠤᠷᠢᠨ ᠭᠠᠵᠠᠷ ᠨᠢᠭᠡᠨᠲᠡ ᠬᠦᠯᠡᠮᠵᠢ ᠪᠠᠨ ᠠᠰᠢᠭᠯᠠᠨ ᠴᠢᠬᠢ ᠪᠤᠶᠢᠵᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠪᠡᠶᠡᠯᠡᠭᠦᠯᠵᠦ᠂ 5 ᠰᠠᠷ᠎ᠠ ᠳᠤ ᠳᠠᠷᠢᠵᠤ᠂ 6 ᠰᠠᠷ᠎ᠠ ᠳᠤ ᠴᠡᠴᠡᠭ ᠳᠡᠯᠭᠡᠷᠡᠬᠦ ᠬᠤᠭᠤᠴᠠᠭᠠᠨ ᠳᠤ ᠤᠷᠤᠬᠤ ᠪᠠᠷ ᠲᠥᠯᠥᠪᠯᠡᠵᠦ ᠪᠠᠶᠢᠨ᠎ᠠ᠃ ᠳᠠᠬᠢᠭᠠᠳ ᠬᠤᠶᠠᠷ ᠰᠠᠷ᠎ᠠ ᠥᠩᠭᠡᠷᠡᠪᠡᠯ᠂ ᠬᠤᠲᠠ ᠶᠢᠨ ᠠᠷᠠᠳ ᠳᠠᠷᠤᠶ ᠵᠥᠩ ᠾᠧ ᠶᠤᠸᠠᠨ ᠨᠡᠶᠢᠭᠡᠮ ᠲᠣᠭᠤᠷᠢᠭ ᠲᠤ ᠢᠷᠡᠵᠦ ᠬᠠᠲᠤᠨ ᠭᠤᠤᠯ᠂ ᠴᠡᠴᠡᠭ ᠤᠨ ᠲᠡᠯᠡᠶ ᠦᠵᠡᠵᠦ ᠪᠣᠯᠤᠨ᠎ᠠ︕
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号