3 ᠰᠠᠷ᠎ᠠ ᠶᠢᠨ 30 ᠠᠴᠠ 31 ᠤ ᠡᠳᠦᠷ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠬᠤᠷᠠᠯᠳᠤᠵᠤ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠵᠢᠶᠠ ᠴᠢᠩ ᠳ᠋ᠦᠩ ᠬᠤᠷᠠᠯ ᠳᠤ ᠣᠷᠣᠯᠴᠠᠪᠠ᠃ ᠬᠤᠷᠠᠯ ᠠᠴᠠ ᠵᠢᠭᠠᠵᠦ ᠭᠠᠷᠭᠠᠭᠰᠠᠨ ᠨᠢ᠂ | 2020 ᠣᠨ ᠳᠤ᠂ ᠬᠠᠶᠢᠷᠤᠪ ᠤᠨ ᠲᠣᠬᠤᠢ ᠲᠣᠭᠤᠷᠢᠭ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠪᠠᠷ ᠬᠥᠳᠡᠯᠭᠡᠬᠦ ᠬᠦᠴᠦᠨ ᠪᠣᠯᠭᠠᠵᠤ᠂ ᠴᠢᠨᠠᠷ ᠰᠠᠶᠢᠲᠠᠢ ᠬᠦᠭᠵᠢᠯᠳᠡ ᠶᠢ | ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠠ᠃ ︽ᠲᠠᠪᠤᠨ ᠣᠷᠣᠨ︾ ᠤ | ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠶ ᠶᠢᠨ | ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ | ᠴᠢᠷᠮᠠᠶᠢᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠭᠠᠵᠦ᠂ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠣᠭᠠᠷ ᠲᠠᠪᠤᠨ ᠵᠢᠯ︾ ᠤᠨ ᠲᠦᠯᠦᠪᠵᠢᠬᠦᠯᠭᠡ ᠶᠢ ᠲᠡᠭᠦᠰ | ᠠᠮᠵᠢᠯᠲᠠ ᠲᠠᠢ ᠲᠡᠭᠦᠰᠬᠡᠬᠦ ᠶᠢ ᠦᠨᠡᠨ ᠬᠦ ᠪᠠᠲᠤᠯᠠᠨ᠎ᠠ ᠬᠡᠵᠡᠢ᠃ 2020 ᠣᠨ ᠤ ᠬᠠᠶᠢᠷᠤᠪ ᠤᠨ ᠲᠣᠬᠤᠢ | ᠲᠤᠭᠤᠷᠢᠭ ᠤᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ | 6% ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8% ᠪᠠᠷ ᠨᠡᠮᠡᠭᠳᠡᠭᠦᠯᠵᠦ᠂ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 6% ᠪᠠᠷ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4% ᠪᠠᠷ ᠨᠡᠮᠡᠭᠳᠡᠭᠦᠯᠵᠦ᠂ ᠬᠤᠲᠠ | ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 7% ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠪᠠ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠭᠦᠢᠴᠡᠳᠬᠡᠬᠦ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ |