ᠬᠠᠶᠢᠷᠤᠪ ᠤᠨ ᠲᠣᠬᠤᠢ ᠲᠣᠭᠤᠷᠢᠭ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠠᠬᠢᠭᠤᠯᠵᠤ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠨ᠎ᠠ
ᠨᠡᠶᠢᠲᠡᠯᠡᠭᠰᠡᠨ ᠴᠠᠭ᠄
2020-04-13
     2019 ᠣᠨ ᠳᠤ ᠬᠠᠶᠢᠷᠤᠪ ᠤᠨ ᠲᠣᠬᠤᠢ ᠶᠢᠨ ᠲᠣᠭᠤᠷᠢᠭ ᠪᠦᠬᠦ ᠵᠢᠯ ᠳᠤ ᠵᠤᠭᠠᠴᠠᠭᠰᠠᠳ ᠢ ᠪᠠᠷᠤᠭ 225.8 ᠲᠦᠮᠡᠨ ᠬᠦᠮᠤᠨ ᠤᠳᠠᠭ᠎ᠠ ᠬᠦᠯᠢᠶᠡᠨ ᠠᠪᠴᠤ᠂ ᠵᠤᠭᠠᠴᠠᠯ ‍ᠤᠨ‌ᠣᠷᠣᠯᠭ᠎ᠠ ᠪᠠᠷᠤᠭ 49.3 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠣᠷᠣᠨ ᠪᠦᠰᠡ ᠶᠢᠨ ᠵᠤᠭᠠᠴᠠᠯ ᠤᠨ ᠶᠡᠷᠦᠩᠬᠡᠢ ᠲᠥᠯᠥᠪᠵᠢᠭᠦᠯᠭᠡ ᠶᠢ ᠡᠬᠢᠯᠡᠨ ᠬᠡᠷᠡᠭᠵᠢᠭᠦᠯᠵᠦ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠵᠦ᠂ ᠸᠠᠨ ᠳ᠋ᠠ ᠬᠤᠳᠠᠯᠳᠤᠭᠠᠨ ᠤ ᠲᠣᠭᠤᠷᠢᠭ ᠠᠯᠬᠤᠮ ᠠᠯᠬᠤᠮ ᠢᠶᠠᠷ ᠪᠦᠷᠢᠯᠳᠦᠵᠦ᠂ ᠲᠦᠷᠦᠭᠦᠦ ᠪᠠᠷᠢᠭᠠᠳᠠ ᠶᠢᠨ ᠵᠢᠶᠠᠨ ᠭᠦᠸᠧ ᠵᠣᠴᠢᠳ ᠤᠨ ᠪᠠᠭᠤᠳᠠᠯ ᠭᠡᠷ᠎ᠡ ᠲᠣᠭᠲᠠᠵᠤ᠂ 5G ᠥᠨᠳᠥᠷ ᠬᠤᠷᠳᠤᠴᠠᠲᠤ ᠥᠷᠭᠡᠨ ᠪᠦᠰᠡᠲᠦ ᠰᠦᠯᠵᠢᠶᠡᠨ ᠤ ᠢᠨᠵᠧᠨᠧᠷᠢᠩ ᠤᠨ ᠬᠤᠳᠠᠯᠳᠤᠭᠠᠨ ᠳᠤ ᠬᠡᠷᠡᠭᠯᠡᠬᠦ ᠲᠤᠷᠰᠢᠯᠲᠠ ᠶᠢᠨ ᠴᠡᠭ ᠡᠬᠢᠯᠡᠪᠡ᠃      2020 ᠣᠨ ᠳᠤ ᠬᠠᠶᠢᠷᠤᠪ ᠤᠨ ᠲᠣᠬᠤᠢ ᠲᠣᠭᠤᠷᠢᠭ ᠨᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠤᠳᠠᠯᠳᠤᠭ᠎ᠠ ᠠᠷᠠᠯᠵᠢᠶᠠᠨ ᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠵᠤᠭᠠᠴᠠᠯ ᠢᠶᠠᠷ ᠠᠷᠠᠳ ᠲᠤ ᠠᠰᠢᠭ ᠬᠦᠷᠲᠡᠭᠡᠬᠦ ᠴᠢᠭᠯᠡᠯ ᠢ ᠪᠠᠷᠢᠮᠳᠠᠯᠠᠵᠤ᠂ ᠬᠦᠴᠦ ᠣᠷᠣᠭᠤᠯᠤᠨ‌ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠪᠦᠲᠦᠮᠵᠢᠲᠡᠢ ᠬᠡᠷᠡᠭᠴᠡᠭᠡ ᠶᠢ ᠥᠷᠭᠡᠳᠬᠡᠨ᠎ᠡ᠃     ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃     2020 ᠣᠨ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠰᠢᠨ᠎ᠡ ᠶᠢ ᠡᠭᠦᠳᠬᠦ ᠲᠥᠪ ᠬᠤᠲᠠ ᠶᠢ ᠪᠥᠲᠥᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠦᠢᠯᠡᠴᠢᠯᠡᠭᠡᠨ ᠤ ᠤᠶᠢᠯᠡᠰ ᠤᠨ ᠲᠠᠰ ᠳᠡᠪᠰᠢᠬᠦ ᠶᠢ ᠶᠠᠰᠤ ᠴᠢᠨᠠᠷ ᠢ ᠳᠡᠭᠡᠭᠰᠢᠯᠡᠭᠦᠯᠬᠦ ᠶᠢ ᠬᠡᠷᠡᠭᠯᠡᠭᠡ ᠶᠢ ᠳᠠᠶᠢᠴᠢᠯᠠᠬᠤ ᠭᠠᠷᠳᠠᠴᠠ ᠤ ᠣᠯᠭᠠᠵᠤ᠂ ᠨᠠᠩ ᠴᠢᠨᠠᠷ ᠰᠠᠶᠢᠲᠠᠶ ᠤᠶᠢᠯᠡᠤᠡᠭᠦᠨ᠂ ᠨᠠᠩ ᠪᠠᠶᠠᠯᠢᠭ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠨᠠᠩ ᠲᠥᠬᠦᠮ ᠤᠶᠢᠯᠡᠴᠢᠯᠡᠭᠡ ᠪᠠᠷ ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃      ᠬᠤᠳᠠᠯᠳᠤᠭ᠎ᠠ ᠠᠷᠠᠯᠵᠢᠶᠠᠨ ᠤ ᠪᠠᠶᠢᠷᠢᠰᠢᠯ ᠢ ᠰᠢᠯᠢᠳᠡᠭᠵᠢᠭᠦᠯᠦᠨ᠎ᠡ᠃      2020 ᠣᠨ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠨᠢ ᠲᠠᠪᠤᠨ ᠣᠳᠣᠨ ᠲᠡᠰ ᠤᠨ ᠵᠢᠶᠠᠨ ᠭᠦᠸᠧ ᠵᠣᠴᠢᠳ ᠤᠨ ᠪᠠᠭᠤᠳᠠᠯ ᠢ ᠪᠠᠶᠢᠭᠤᠯᠤᠨ ᠡᠵᠡᠩᠨᠡᠬᠦ ᠶᠢ ᠬᠦᠴᠦᠯᠡᠨ ᠠᠬᠢᠭᠤᠯᠵᠤ᠂ ᠸᠠᠨ ᠳ᠋ᠠ ᠬᠤᠶᠢᠲᠤ ᠲᠠᠯᠠᠪᠠᠢ ᠶᠢᠨ ᠠᠮᠢ ᠠᠬᠤᠢ ᠶᠢᠨ ᠲᠡᠷᠭᠡᠨ ᠵᠣᠭᠰᠣᠭᠠᠯ ᠢ ᠠᠵᠢᠯ ᠡᠬᠢᠯᠡᠭᠦᠯᠦᠨ ᠪᠠᠶᠢᠭᠤᠯᠵᠤ᠂ ᠨᠡᠶᠢᠭᠡᠮ ᠤᠨ ᠬᠥᠷᠥᠩᠭᠡ ᠶᠢ ᠠᠰᠢᠭᠯᠠ ᠸᠠᠨ ᠳ᠋ᠠ ᠠᠭᠤᠳᠠᠮ ᠲᠠᠯᠠᠪᠠᠢ ᠶᠢᠨ ᠵᠡᠭᠡᠯᠢ ᠥᠩᠭᠡᠷᠡᠬᠦ ᠬᠥᠭᠦᠷᠭᠡ ᠪᠠᠶᠢᠭᠤᠯᠵᠤ᠂ ᠬᠤᠲᠠ ᠲᠣᠭᠤᠷᠢᠭ ᠤᠨ ᠡᠮᠦᠨᠡᠲᠦ ᠬᠡᠰᠡᠭ ᠤᠨ ᠸᠠᠨ ᠳ᠋ᠠ ᠬᠤᠳᠠᠯᠳᠤᠭᠠᠨ ᠤ ᠬᠦᠷᠢᠶᠡᠨ ᠤ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ︔ ᠵᠢᠦ ᠯᠦᠩ ᠣᠯᠠᠨ ᠤᠯᠤᠰ ᠤᠨ ᠬᠤᠳᠠᠯᠳᠤᠭᠠᠨ ᠤ ᠴᠣᠭᠴᠠ ᠶᠢᠨ ᠠᠵᠢᠯ ᠡᠬᠢᠯᠡᠬᠦ ᠶᠢ ᠪᠠᠲᠤᠯᠠᠵᠤ᠂ ᠶᠦᠩ ᠬᠤᠢ ᠬᠡᠲᠦ ᠳᠡᠯᠭᠡᠭᠦᠷ᠂ ᠰᠦᠨᠢ ᠬᠤᠳᠠᠯᠳᠤᠨ ᠠᠪᠬᠤ ᠲᠣᠮᠣ ᠬᠤᠳᠠᠯᠳᠤᠭᠠᠨ ᠤ ᠲᠠᠯᠠᠪᠤᠷ ᠵᠡᠷᠭᠡ ᠲᠥᠷᠥᠯ ᠵᠤᠶᠢᠯ ᠢ‌ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠤᠲᠠ ᠶᠢᠨ ᠲᠣᠭᠤᠷᠢᠭ ᠤᠨ ᠤᠮᠠᠷᠠᠲᠤ ᠬᠡᠰᠡᠭ ᠤᠨ ᠬᠤᠳᠠᠯᠳᠤᠭ᠎ᠠ ᠠᠷᠠᠯᠵᠢᠶᠠᠨ ᠤ ᠳᠤᠲᠠᠭᠤᠳᠠᠯ ᠢ ᠨᠥᠬᠦᠪᠥᠷᠢᠯᠡᠨ᠎ᠡ᠃ᠣᠳᠣ ᠶᠢᠨ ᠪᠠᠶᠢᠭ᠎ᠠ ᠢᠳᠡᠭᠡᠨ ᠤᠮᠳᠠᠭᠠᠨ ᠲᠥᠪᠯᠡᠷᠡᠭᠰᠡᠨ ᠣᠷᠣᠨ ᠪᠦᠰᠡ ᠪᠠ ᠪᠠᠷᠠᠭ᠎ᠠ ᠬᠤᠳᠠᠯᠳᠤᠨ ᠠᠪᠬᠤ ᠬᠤᠳᠠᠯᠳᠤᠭᠠᠨ ᠤ ᠲᠣᠭᠤᠷᠢᠭ ᠲᠤ ᠲᠦᠰᠢᠭᠯᠡᠨ᠂ ᠰᠥᠨᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠢ ᠪᠤᠶᠢᠵᠢᠭᠤᠯᠤᠨ ᠪᠠᠶᠢᠭᠤᠯᠵᠤ᠂ ᠬᠡᠷᠡᠭᠯᠡᠭᠡ᠂ ᠰᠣᠶᠣᠯ ᠴᠡᠩᠭᠡᠯ ᠤᠨ ᠠᠵᠢᠯᠯᠠᠭ᠎ᠠ ᠶᠢ ᠰᠥᠨᠢ ᠲᠡᠰᠢ ᠤᠷᠲᠤᠳᠬᠠᠬᠤ ᠶᠢ ᠬᠥᠲᠥᠯᠥᠨ ᠵᠢᠯᠣᠭᠤᠳᠤᠨ᠎ᠠ᠃       ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃       2020 ᠣᠨ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠤᠨ ᠨᠢᠭᠡᠳᠦᠭᠡᠷ ᠪᠠᠷᠠᠭᠠᠨ ᠤ ᠭᠦᠢᠯᠭᠡᠭᠡ ᠶᠢᠨ ᠵᠠᠰᠠᠮᠠᠯ ᠵᠠᠮ ᠤᠨ ᠭᠠᠷᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠶᠠᠨ ᠯᠦᠩ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠸᠠᠨ ᠲᠧᠩ ᠤᠨ ᠲᠣᠭᠤᠷᠢᠨ ᠳᠤ ᠶᠡᠭᠡ ᠬᠡᠮᠵᠢᠶᠡᠨ ᠤ ᠪᠤᠯᠤᠳ ᠲᠡᠮᠦᠷ ᠤᠨ ᠬᠡᠤᠷᠡᠰᠤᠨ ᠤ ᠪᠠᠷᠠᠭᠠᠨ ᠤ ᠭᠦᠢᠯᠭᠡᠭᠡ ᠶᠢ ᠬᠥᠭᠵᠢᠭᠦᠯᠵᠦ᠂ ᠲᠠᠷᠠᠬᠠᠢ ᠨᠡᠭᠦᠷᠡᠰᠦᠨ ᠤ ᠲᠠᠯᠠᠪᠠᠢ ᠶᠢ ᠲᠦᠪᠯᠡᠷᠡᠭᠦᠯᠤᠨ ᠠᠭᠤᠷᠬᠠᠢ ᠶᠢᠨ ᠣᠷᠣᠨ ᠤ ᠨᠡᠭᠦᠷᠡᠰᠦ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠪᠠᠶᠢᠭᠤᠯᠵᠤ᠂ ᠰᠠᠢ ᠰᠢᠩ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ ᠪᠤᠲᠠᠲᠠᠢ ᠪᠠᠶᠢᠳᠠᠯ ᠲᠠᠢ ᠣᠶᠢᠷᠠᠯᠴᠠᠭ᠎ᠠ ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠪᠠᠶᠢᠭᠤᠯᠤᠨ᠎ᠠ᠃        ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠨ᠎ᠠ᠃ 2020 ᠣᠨ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ ᠪᠠ ︽ᠬᠤᠤᠰ ᠬᠤᠲᠠ ᠶᠢ ᠬᠤᠯᠪᠣᠭᠠᠯᠠᠨ ᠡᠭᠦᠳᠬᠦ︾᠎ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠵᠤᠭᠠᠴᠠᠯ ᠤᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢ ᠢᠳᠡᠪᠬᠢᠲᠠᠢ ᠲᠡᠮᠡᠴᠡᠨ ᠣᠯᠵᠤ᠂ ᠳ᠋ᠦᠩ ᠱᠠᠨ ᠾᠧ ᠬᠤᠲᠣᠭᠤᠷ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ ᠹᠧᠩ ᠬᠤᠸᠠᠩ ᠵᠢᠵᠢᠭ ᠪᠠᠯᠭᠠᠰᠤᠨ ᠤ ᠲᠥᠷᠥᠯ ᠵᠤᠶᠢᠯ ᠢ ᠠᠬᠢᠭᠤᠯᠵᠤ᠂ ᠬᠤᠲᠠ ᠶᠢᠨ ᠲᠣᠭᠤᠷᠢᠭ ᠤᠨ ᠤᠮᠠᠷᠠᠲᠤ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ᠂ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠡᠯᠡᠭᠦᠴᠡᠨ ᠵᠤᠭᠠᠴᠠᠬᠤ ᠣᠷᠣᠨ ᠪᠠ ᠬᠤᠲᠠ ᠶᠢᠨ ︽ᠠᠷᠤ ᠴᠡᠴᠡᠷᠯᠢᠭ︾᠎ ᠢ ᠴᠢᠷᠮᠠᠶᠢᠨ ᠪᠠᠶᠢᠭᠤᠯᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号