ᠬᠠᠶᠢᠷᠤᠪ ᠤᠨ ᠲᠣᠬᠤᠢ ᠲᠣᠭᠤᠷᠢᠭ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2020-04-07
     ᠬᠠᠶᠢᠷᠤᠪ ᠤᠨ ᠲᠣᠬᠤᠢ  ᠲᠣᠭᠤᠷᠢᠭ ︽ᠬᠤᠣᠰ ᠬᠤᠲᠠ ᠬᠤᠯᠪᠣᠭᠠᠯᠠᠨ ᠡᠭᠦᠳᠬᠦ︾᠎ ᠪᠠᠷ ᠬᠤᠲᠠ ᠶᠢᠨ ᠪᠦᠲᠤᠭᠡᠨ ᠪᠠᠶᠢᠭᠤᠯᠤᠯᠲᠠ ᠶᠢ ᠠᠬᠢᠭᠤᠯᠵᠤ᠂ ᠰᠠᠭᠤᠭᠠᠯᠢ ᠠᠷᠠᠳ ᠢ ᠵᠢᠯᠣᠭᠤᠳᠤᠨ 6 ᠳᠥᠭᠦᠮ ᠪᠦᠳᠦᠭᠦᠯᠢᠭ ᠣᠷᠣᠨ ᠰᠠᠭᠤᠴᠠ ᠶᠢᠨ ᠪᠤᠰᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠣᠷᠣᠯᠴᠠᠭᠤᠯᠵᠤ᠂ ᠵᠡᠭᠡᠯᠢ ᠭᠤᠳᠤᠮᠵᠢ‌‍ᠶᠢᠨ ᠵᠠᠮ ᠢ 4.8 ᠲᠦᠮᠡᠨ ᠲᠡᠭᠰᠢ ᠳᠥᠷᠪᠡᠯᠵᠢᠨ ᠮᠧᠲᠷ  ᠬᠠᠲᠠᠭᠤᠷᠠᠭᠤᠯᠵᠤ᠂ 13.7 ᠺᠢᠯᠣᠮᠧᠲᠷ ᠤᠨ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠵᠠᠰᠠᠵᠤ᠂ ᠹᠧᠩ ᠬᠤᠸᠠᠩ ᠤᠨ ᠵᠢᠵᠢᠭ ᠭᠤᠳᠤᠮᠵᠢ ᠶᠢᠨ ᠣᠨᠴᠠᠯᠢᠭᠲᠤ ᠵᠡᠭᠡᠯᠢ ᠭᠤᠳᠤᠮᠵᠢ ᠶᠢᠨ ᠲᠣᠭᠤᠷᠢᠭ ᠢ ᠥᠭᠡᠷᠡᠴᠢᠯᠡᠨ ᠰᠢᠨᠡᠤᠡᠭᠡᠵᠤ ᠳᠠᠭᠤᠰᠬᠠᠪᠠ︔ 4.2 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ 4 ᠬᠠᠭᠤᠴᠢᠨ ᠵᠢᠵᠢᠭ ᠲᠣᠭᠤᠷᠢᠭ ᠤᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠠᠵᠢᠯ ᠢ ᠡᠬᠢᠯᠡᠭᠦᠯᠵᠤ᠂ ᠬᠤᠪᠢ  ᠪᠠᠷ ᠢᠶᠠᠨ ᠪᠦᠲᠦᠭᠡᠨ ᠪᠠᠶᠢᠭᠤᠯᠤᠭᠰᠠᠨ500 ᠭᠠᠷᠤᠢ ᠵᠢᠵᠢᠭ ᠲᠣᠭᠤᠷᠢᠭ ᠢ ᠨᠤᠷᠠᠭᠠᠵᠤ᠂ 5100 ᠭᠠᠷᠤᠢ ᠲᠡᠭᠰᠢ‌‍ᠲ᠋ᠥ᠋ᠷᠪᠡᠯᠵᠢᠨ ᠮᠧᠲᠷ  ᠤᠨ ᠨᠣᠭᠤᠭᠠᠨ ᠬᠥᠷᠥᠰᠥ ᠶᠢᠨ ᠲᠠᠯᠠᠪᠠᠢ ᠶᠢ ᠴᠡᠪᠡᠷᠯᠡᠨ ᠭᠠᠷᠭᠠᠵᠤ᠂ 50 ᠵᠢᠵᠢᠭ ᠲᠣᠭᠤᠷᠢᠭ ᠲᠤ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠴᠡᠭ ᠪᠠᠶᠢᠭᠤᠯᠵᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠪᠠ᠃ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠵᠤ᠂ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠤᠶᠢᠯᠡᠤᠡᠪᠤᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠭᠠᠵᠠᠷ ᠰᠣᠩᠭᠤᠬᠤ ᠶᠢ ᠪᠡᠶᠡᠯᠡᠭᠦᠯᠵᠤ᠂ 171 ᠨᠡᠶᠢᠲᠡ ᠶᠢᠨ ᠵᠣᠷᠯᠣᠩ ᠢ ᠨᠤᠷᠠᠭᠠᠵᠤ᠂ ᠥᠭᠡᠷᠡᠴᠢᠯᠡᠵᠦ᠂ ᠪᠠᠶᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠭᠡᠯ ᠠᠭᠤᠯᠠ ᠪᠠᠯᠭᠠᠰᠤ ᠪᠦᠬᠦ ᠤᠯᠤᠰ ᠤᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠦᠴᠦᠷᠬᠡᠭ ᠪᠠᠯᠭᠠᠰᠤ ᠵᠢᠨ‌ᠵᠢᠱᠢᠶ᠎ᠠ ᠦᠵᠡᠭᠦᠯᠬᠦ ᠪᠠᠶᠢᠭᠤᠯᠤᠯᠲᠠ ᠶᠢᠨ ᠨᠡᠷᠡᠰ ᠲᠤ ᠣᠷᠣᠵᠤ᠂ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠨᠡᠩ ᠪᠠᠲᠤ ᠪᠠᠬᠢ ᠪᠣᠯᠪᠠ︔ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ᠂ ᠲᠠᠷᠢᠶᠠᠯᠠᠬᠤ ᠣᠷᠣᠨ ᠤ ᠵᠠᠰᠠᠮᠠᠯ ᠵᠠᠮ ᠢ 37 ᠺᠢᠯᠣᠮᠧᠲᠷ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ ︽ᠮᠤᠬᠤᠷ ᠵᠠᠮ︾᠎ ᠢ 4 ᠺᠢᠯᠣᠮᠧᠲᠷ ᠨᠡᠪᠲᠡᠷᠡᠭᠦᠯᠵᠦ᠂ ᠪᠣᠬᠢᠷ ᠤᠰᠤᠨ ᠤ ᠬᠤᠭᠤᠯᠠᠶ ᠶᠢ 46 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠲᠠᠷᠢᠶᠠᠯᠠᠬᠤ ᠣᠷᠣᠨ ᠤ ᠨᠡᠶᠢᠲᠡ ᠶᠢᠨ ᠵᠣᠷᠯᠣᠩ 109᠎ ᠳᠤ ᠬᠦᠷᠴᠦ᠂ ᠠᠷᠢᠭᠤᠨ ᠴᠡᠪᠡᠷ ᠵᠣᠷᠯᠣᠩ ᠲᠦᠭᠡᠮᠡᠯᠵᠢᠭᠰᠡᠨ ᠨᠣᠷᠮ᠎ᠠ 85%᠎ ᠶᠢ ᠳᠠᠪᠠᠵᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠬᠡᠬᠦ ᠶᠢ 1764 ᠡᠷᠦᠬᠡ ᠪᠡᠶᠡᠯᠡᠭᠦᠯᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号