ᠬᠠᠶᠢᠷᠤᠪ ᠤᠨ ᠲᠣᠬᠤᠢ ᠲᠣᠭᠤᠷᠢᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠪᠠᠨ ᠲᠦᠷᠭᠡᠤᠡᠭᠡᠪᠡ
ᠨᠡᠶᠢᠲᠡᠯᠡᠭᠰᠡᠨ ᠴᠠᠭ᠄
2020-04-07
     ᠤᠯᠠᠮᠵᠢᠯᠠᠯᠲᠤ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠵᠦ᠂ ᠵᠢᠶᠠᠨ ᠯᠦᠩ ᠪᠦᠯᠦᠭᠯᠡᠯ ᠢ ᠣᠷᠣᠭᠤᠯᠤᠨ ᠠᠪᠴᠢᠷᠠᠵᠤ ᠤᠤᠯ ᠤᠨ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠺᠣᠮᠫᠠᠨᠢ ᠶᠢᠨ ᠸᠠᠨ ᠲᠧᠩ 200 ᠲᠦᠮᠡᠨ ᠲᠣᠨ ᠪᠤᠯᠤᠳ ᠲᠡᠮᠦᠷ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠵᠢᠯ ᠤᠨ ᠪᠤᠯᠤᠳ ᠤᠨ ᠭᠠᠷᠤᠯᠲᠠ ᠵᠠᠭᠤᠨ ᠲᠦᠮᠡᠨ ᠲᠣᠨ ᠢ ᠳᠠᠪᠠᠪᠠ︔ ᠤᠯᠤᠰ ᠤᠨ ᠳᠣᠲᠣᠭᠠᠳᠤ ᠶᠢᠨ ᠠᠩᠬᠠᠳᠠᠭᠴᠢ ᠥᠨᠳᠥᠷ ᠵᠤᠤᠬ᠎ᠠ ᠶᠢᠨ ᠪᠤᠰᠤ ᠲᠡᠮᠦᠷᠯᠢᠭ ᠬᠠᠶᠢᠯᠤᠭᠤᠯᠬᠤ ᠮᠡᠷᠭᠡᠵᠢᠯ ᠢ ᠬᠡᠷᠡᠭᠯᠡᠭᠰᠡᠨ ᠰᠠᠶᠢᠰᠫ 30 ᠲᠦᠮᠡᠨ ᠲᠣᠨ ᠥᠨᠳᠥᠷ ᠴᠡᠪᠡᠷ ᠰᠢᠷᠠᠮᠤ ᠴᠢᠳᠬᠤᠬᠤ ᠳᠤᠮᠳᠠ ᠵᠡᠷᠭᠡ ᠶᠢᠨ ᠲᠤᠷᠰᠢᠯᠲᠠ ᠶᠢᠨ ᠲᠦᠷᠦᠯ ᠵᠦᠢᠯ ᠠᠵᠢᠯ ᠡᠬᠢᠯᠡᠵᠦ᠂ ᠨᠡᠭᠦᠷᠡᠰᠦ ᠬᠡᠦᠷᠰᠢᠭᠦᠯᠦᠭᠰᠡᠨ ᠪᠤᠯᠤᠳ ᠲᠡᠮᠦᠷ ᠤᠨ ᠠᠵᠤ ᠦᠢᠯᠡᠰ ᠤᠨ ᠬᠡᠯᠬᠢᠶ᠎ᠠ ᠪᠦᠬᠦ ᠲᠠᠯ᠎ᠠ ᠪᠠᠷ ᠠᠮᠢᠳᠤᠯᠢᠭ ᠪᠣᠯᠪᠠ︔ ᠪᠡᠭᠡᠵᠢᠩ ᠤᠨ ᠵᠥᠭᠡᠭᠡᠪᠦᠷᠢᠯᠡᠨ ᠨᠡᠪᠲᠡᠷᠡᠭᠦᠯᠬᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ 500 ᠰᠠᠭᠤᠷᠢ ᠣᠯᠠᠨ ᠲᠠᠯᠠᠰᠲᠤ ᠴᠠᠬᠢᠭᠤᠷ ᠪᠠ ᠳᠠᠩ ᠲᠠᠯᠠᠰᠲᠤ ᠴᠠᠬᠢᠭᠤᠷ ᠤᠨ ᠲᠥᠬᠦᠭᠡᠷᠦᠮᠵᠢ ᠶᠢ ᠠᠰᠢᠭᠯᠠᠯᠲᠠ ᠳᠤ ᠤᠷᠤᠭᠤᠯᠵᠤ᠂ 3.8 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠱᠠᠨᠰᠢ ᠶᠢᠨ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠬᠦᠨᠳᠦ ᠺᠠᠷᠲ ᠡᠭᠦᠳᠦᠭᠰᠡᠨ 7430 ᠰᠠᠭᠤᠷᠢ ᠵᠢᠯ ‍ᠤᠨ‌ᠭᠠᠷᠤᠯᠲᠠ ᠶᠢᠨ ᠲᠡᠮᠳᠡᠭᠯᠡᠯ ᠳᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠤᠯᠤᠰ ᠤᠨ ᠵᠢᠷᠭᠤᠳᠤᠭᠠᠷ ᠳᠠᠪᠬᠤᠷ ᠺᠠᠷᠲ ᠤᠷᠤᠭᠰᠢᠲᠠᠶ ᠱᠤᠭᠤᠮ ᠠᠴᠠ ᠪᠠᠭᠤᠪᠠ᠃ ᠬᠦᠷᠢᠶᠡᠯᠡᠩ ᠲᠣᠭᠤᠷᠢᠭ ᠤᠨ ᠳᠠᠭᠠᠭᠠᠴᠠ ᠤᠯᠠᠮ ᠨᠢᠭᠡ ᠠᠯᠬᠤᠮ ᠴᠢᠩᠭᠠᠷᠠᠵᠤ᠂ 5700 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠨ ᠤᠰᠤᠨ ᠴᠠᠬᠢᠯᠭᠠᠨ ᠵᠠᠮ ᠵᠡᠷᠭᠡ ᠦᠢᠯᠡᠳᠪᠦᠷᠢᠯᠡᠯ ᠤᠨ ᠡᠯᠧᠮᠧᠨ᠋ᠲ ᠢ ᠲᠡᠭᠦᠯᠳᠡᠷᠵᠢᠭᠦᠯᠵᠦ᠂ ᠭᠤᠣᠯ ᠮᠥᠷᠡᠨ ᠤ ᠤᠰᠤᠨ ᠤ ᠡᠷᠬᠡ ᠶᠢ 100 ᠲᠦᠮᠡᠨ ᠲᠣᠨ ᠴᠢᠷᠮᠠᠶᠢᠨ ᠠᠰᠢᠭᠯᠠᠵᠤ᠂ 8 ᠺᠢᠯᠣᠮᠧᠳ᠋ᠷ ᠦᠢᠯᠡᠳᠪᠦᠷᠢᠯᠡᠯ ᠤᠨ ᠤᠰᠤ ᠬᠡᠷᠡᠭᠯᠡᠬᠦ ᠬᠤᠭᠤᠯᠠᠢ ᠲᠣᠣᠷ ᠢ ᠥᠭᠡᠷᠡᠴᠢᠯᠡᠨ ᠰᠠᠶᠢᠵᠢᠷᠠᠭᠤᠯᠵᠤ᠂ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠤᠰᠤ ᠬᠡᠷᠡᠭᠯᠡᠬᠦ ᠪᠠᠲᠤᠯᠠᠭ᠎ᠠ ᠶᠢᠨ ᠴᠢᠳᠠᠪᠤᠷᠢ ᠶᠢ 1500 ᠲᠦᠮᠡᠨ ᠲᠣᠨ ᠳᠤ ᠬᠦᠷᠭᠡᠨ᠎ᠡ᠃ ᠠᠮᠢᠳᠤᠷᠠᠯ ᠤᠨ ᠴᠢᠨᠠᠷᠲᠠᠶ ᠤᠶᠢᠯᠡᠴᠢᠯᠡᠭᠡᠨ ᠤ ᠤᠶᠢᠯᠡᠰ ᠤᠨ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠵᠦ᠂ ᠸᠠᠨ ᠳ᠋ᠠ ᠬᠤᠳᠠᠯᠳᠤᠭᠠᠨ ᠤ ᠲᠣᠭᠤᠷᠢᠭ ᠠᠯᠬᠤᠮ ᠠᠯᠬᠤᠮ ᠢᠶᠠᠷ ᠪᠦᠷᠢᠯᠳᠦᠵᠦ᠂ ᠵᠢᠦ ᠯᠦᠩ ᠣᠯᠠᠨ ᠤᠯᠤᠰ ᠤᠨ ᠬᠤᠳᠠᠯᠳᠤᠭᠠᠨ ᠤ ᠴᠣᠭᠴᠠ ᠦᠨᠳᠦᠰᠦᠨ ᠳᠡᠭᠡᠨ ᠳᠠᠭᠤᠰᠴᠤ᠂ ᠪᠠᠭᠠᠷᠢᠨ ᠬᠠᠨ ᠵᠣᠴᠢᠳ ᠤᠨ ᠪᠠᠭᠤᠳᠠᠯ ᠤᠨ ᠭᠤᠤᠯ ᠴᠣᠭᠴᠠ ᠶᠢ ᠪᠡᠶᠡᠯᠡᠭᠦᠯᠵᠤ᠂ ᠵᠠᠬ᠎ᠠ ᠳᠡᠯᠭᠡᠭᠦᠷ ᠤᠨ ᠬᠤᠭᠤᠰᠣᠨ ᠢ ᠨᠥᠬᠦᠪᠥᠷᠢᠯᠡᠬᠦ 50 ᠭᠠᠷᠤᠶ ᠨᠠᠷᠠᠲᠤ ᠲᠥᠷᠥᠯ ᠲᠡᠮᠳᠡᠭᠲᠦ ᠶᠢ ᠤᠷᠤᠭᠤᠯᠵᠤ᠂ 5G ᠳᠡᠭᠡᠳᠦ ᠬᠤᠷᠳᠤᠴᠠᠲᠤ ᠥᠷᠭᠡᠨ ᠪᠦᠰᠡᠲᠦ ᠰᠦᠯᠵᠢᠶᠡᠨ ᠤ ᠢᠨᠵᠧᠨᠧᠷᠢᠩ ᠤᠨ ᠬᠤᠳᠠᠯᠳᠤᠭᠠᠨ ᠳᠤ ᠬᠡᠷᠡᠭᠯᠡᠬᠦ ᠲᠤᠷᠰᠢᠯᠲᠠ ᠶᠢ ᠡᠬᠢᠯᠡᠭᠦᠯᠪᠡ᠃ ᠵᠤᠭᠠᠴᠠᠯ ᠤᠨ ᠦᠢᠯᠡᠰ ᠲᠣᠭᠲᠠᠭᠤᠨ ᠢᠶᠠᠷ ᠤᠷᠤᠭᠰᠢᠯᠠᠵᠤ᠂ ᠪᠦᠬᠦ ᠣᠷᠣᠨ ᠪᠦᠰᠡ ᠶᠢᠨ ᠵᠤᠭᠠᠴᠠᠯ ᠤᠨ ᠶᠠᠷᠤᠩᠬᠡᠢ ᠲᠦᠯᠤᠪᠵᠢᠭᠦᠯᠭᠡ ᠶᠢ ᠡᠬᠢᠯᠡᠨ ᠬᠡᠷᠡᠭᠵᠢᠭᠦᠯᠵᠦ᠂ ᠪᠦᠬᠦ ᠵᠢᠯ ᠳᠤ ᠵᠤᠭᠠᠴᠠᠭᠰᠠᠳ ᠢ 225.8 ᠲᠦᠮᠡᠨ ᠬᠥᠮᠦᠨ ᠤᠳᠠᠭ᠎ᠠ ᠬᠦᠯᠢᠶᠠᠨ ᠠᠪᠴᠤ᠂ ᠵᠤᠭᠠᠴᠠᠯ ᠤᠨ ᠣᠷᠣᠯᠭ᠎ᠠ 49.3 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号