ᠹᠦ᠋ ᠷᠦᠢ
ᠨᠡᠶᠢᠲᠡᠯᠡᠭᠰᠡᠨ ᠴᠠᠭ᠄
2020/5/12
    ᠬᠤᠪᠢ ᠬᠥᠮᠦᠨ ᠤ ᠲᠣᠪᠴᠢ ᠨᠠᠮᠲᠠᠷ    ᠹᠦ᠋ ᠷᠦᠢ᠂ ᠡᠷᠡᠭᠲᠡᠶ᠂ ᠬᠢᠲᠠᠳ ᠦᠨᠳᠦᠰᠦᠲᠡᠨ᠂ 1984 ᠣᠨ ᠤ 7 ᠰᠠᠷ᠎ᠠ ᠳᠤ ᠲᠦᠷᠦᠵᠠᠢ᠂ 2007 ᠣᠨ ᠤ 7 ᠰᠠᠷ᠎ᠠ ᠳᠤ ᠠᠵᠢᠯ ᠳᠤ ᠣᠷᠣᠵᠠᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠠᠴᠠ ᠲᠡᠭᠦᠰᠴᠡᠶ᠂ ᠥᠪᠥᠷ ᠮᠣᠩᠭᠤᠯ ᠤᠨ ᠲᠦᠮᠡᠳ ᠪᠠᠷᠠᠭᠤᠨ ᠬᠤᠰᠢᠭᠤᠨ ᠤ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃    ᠠᠵᠢᠯ ᠤᠨ ᠬᠤᠪᠢᠶᠠᠷᠢᠯᠠᠯ    ᠲᠣᠭᠤᠷᠢᠭ ᠤᠨ ᠳᠠᠷᠤᠭ᠎ᠠ ᠶᠢ ᠬᠠᠮᠵᠢᠨ ᠬᠤᠳᠠᠯᠳᠤᠭᠠᠨ ᠤ ᠶᠠᠪᠤᠳᠠᠯ᠂ ᠭᠠᠳᠠᠭᠠᠳᠤ ᠠᠷᠠᠯᠵᠢᠶ᠎ᠠ᠂ ᠲᠠᠷᠢᠶᠠᠯᠠᠩ ᠮᠠᠯ ᠠᠵᠤ ᠠᠬᠤᠶ᠂ ᠤᠰᠤᠨ ᠤ ᠶᠠᠪᠤᠳᠠᠯ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠪᠠᠭᠲᠠᠨ᠎ᠠ︶᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠣᠭᠤᠷᠢᠭ ᠤᠨ ᠣᠶᠤᠨ ᠤ ᠪᠣᠯᠪᠠᠰᠤᠨ ᠤ ᠠᠯᠪᠠᠨ ᠬᠡᠷ᠂ ᠲᠣᠭᠤᠷᠢᠭ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠵᠤ ᠪᠠᠯᠠ ᠴᠤᠭᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号