ᠲᠡᠤᠬᠡᠨ ᠬᠤᠪᠢᠰᠤᠯ
ᠨᠡᠶᠢᠲᠡᠯᠡᠭᠰᠡᠨ ᠴᠠᠭ᠄
2020-05-18
     ᠬᠠᠶᠢᠷᠤᠪ ᠤᠨ ᠲᠣᠬᠤᠢ ᠶᠢᠨ ᠲᠤᠭᠤᠷᠢᠭ ᠥᠨᠢ ᠤᠳᠠᠭᠠᠨ ᠲᠡᠦᠬᠡ ᠲᠠᠢ᠂ ᠠᠯᠢ ᠡᠷᠲᠡ ᠰᠢᠶᠠ ᠱᠠᠩ ᠤᠯᠤᠰ ᠤᠨ ᠦᠶ᠎ᠡ ᠳᠤ᠂ ᠨᠡᠡ ᠭᠠᠵᠠᠷ ᠪᠣᠯ ᠳᠠᠷᠤᠶ ᠤᠮᠠᠷᠠᠲᠤ ᠣᠷᠣᠨ ᠤ ᠦᠨᠳᠦᠰᠦᠲᠡᠨ ᠤ ᠦᠷᠡᠵᠢᠨ ᠬᠥᠭᠵᠢᠭᠰᠡᠨ ᠭᠠᠵᠠᠷ ᠪᠣᠯᠤᠨ᠎ᠠ᠃ ᠴᠦᠨ ᠴᠢᠦ ᠶᠢᠨ ᠦᠶ᠎ᠡ ᠳᠤ ᠪᠠᠶ ᠵᠠᠶ ︵ᠳᠠᠷᠤᠶ ᠰᠢᠶᠠᠨ ᠶᠦᠨ ᠦᠨᠳᠦᠰᠦᠲᠡᠨ︶᠎ ᠶᠢᠨ ᠮᠠᠯᠵᠢᠯ ᠤᠨ ᠭᠠᠵᠠᠷ ᠪᠠᠶᠢᠵᠠᠶ᠃ ᠪᠠᠶᠢᠯᠳᠤᠭᠠᠨᠲᠤ ᠤᠯᠤᠰ ᠤᠨ ᠦᠶ᠎ᠡ ᠳᠤ ᠯᠢᠨ ᠬᠡᠤ ᠮᠠᠯᠵᠢᠯ ᠤᠨ ᠭᠠᠵᠠᠷ ᠪᠠᠶᠢᠪᠠ᠃ ᠴᠢᠨ ᠤᠯᠤᠰ ᠵᠢᠷᠭᠤᠭᠠᠨ ᠤᠯᠤᠰ ᠢ ᠮᠥᠬᠦᠭᠡᠨ ᠵᠦᠩᠶᠤᠸᠠᠨ ᠣᠷᠣᠨ ᠢ ᠨᠢᠭᠡᠳᠬᠡᠭᠰᠡᠨ ᠤ ᠳᠠᠷᠠᠭ᠎ᠠ᠂ ᠳᠤᠮᠳᠠᠳᠤ ᠤᠯᠤᠰ ᠢ ᠭᠤᠴᠢᠨ ᠵᠢᠷᠭᠤᠭᠠᠨ ᠵᠢᠶᠦ᠋ᠨ᠂ ᠬᠠᠶᠢᠷᠤᠪ ᠤᠨ ᠲᠣᠬᠤᠶ ᠲᠤᠭᠤᠷᠢᠭ ᠢ ᠪᠸᠢ ᠳ᠋ᠢ ᠵᠢᠶᠦ᠋ᠨ ᠳᠤ ᠬᠠᠷᠢᠶᠠᠯᠠᠭᠳᠠᠵᠠᠶ᠃ ᠲᠡᠭᠦᠨ ᠠᠴᠠ ᠬᠤᠶᠢᠰᠢᠬᠢ ᠤᠷᠲᠤ ᠤᠳᠠᠭᠠᠨ‌ᠤᠨ ᠵᠢᠯ ᠤᠳ ᠲᠤ᠂ ᠬᠠᠶᠢᠷᠤᠪ ᠤᠨ ᠲᠣᠬᠤᠢ ᠶᠢᠨ ᠲᠤᠭᠤᠷᠢᠭ ᠲᠤ ᠤᠷᠢᠳ ᠬᠤᠵᠢᠳ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 20 ᠦᠨᠳᠦᠰᠦᠲᠡᠨ ᠤ ᠠᠵᠢᠯᠯᠠᠭᠠᠨ ᠤ ᠭᠠᠵᠠᠷ ᠪᠣᠯᠤᠭᠰᠠᠨ ᠪᠠᠶᠢᠨ᠎ᠠ ᠮᠢᠩ ᠤᠯᠤᠰ ᠤᠨ ᠳᠤᠮᠳᠠᠴᠢ ᠦᠶ᠎ᠡ ᠠᠴᠠ ᠬᠤᠶᠢᠰᠢ ᠬᠠᠶᠢᠷᠤᠪ ᠤᠨ ᠲᠣᠬᠤᠢ ᠤᠷᠤᠨ ᠪᠣᠯ ᠣᠷᠳᠣᠰ ᠠᠶᠢᠮᠠᠭ ᠤᠨ ᠨᠡᠭᠦᠳᠡᠯᠯᠡᠨ ᠮᠠᠯᠵᠢᠬᠤ ᠭᠠᠵᠠᠷ ᠪᠣᠯᠬᠤ ᠪᠥᠭᠡᠳ ᠳᠤᠮᠳᠠᠳᠤ ᠢᠷᠭᠡᠨ ᠤᠯᠤᠰ ᠤᠨ ᠦᠶ᠎ᠡ ᠬᠦᠷᠲᠡᠯ᠎ᠡ ᠦᠷᠭᠦᠯᠵᠢᠯᠡᠵᠡᠶ᠃      1949 ᠣᠨ ᠳᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠬᠠᠶᠢᠷᠤᠪ ᠤᠨ ᠲᠤᠬᠤᠢ ᠲᠤᠭᠤᠷᠢᠭ ᠨᠢ ᠤᠳᠤᠭ ᠬᠤᠩᠰᠢᠭᠤᠨ ᠳᠤ ᠬᠠᠷᠢᠶᠠᠯᠠᠭᠳᠠᠨ᠎ᠠ᠃ 1955 ᠣᠨ ᠳᠤ ᠣᠲᠤᠭ ᠬᠤᠰᠢᠭᠤᠨ ᠠᠴᠠ ᠵᠠᠳᠠᠷᠠᠨ ᠭᠠᠷᠴᠤ ᠲᠤᠰᠠᠭᠠᠷ ᠲᠣᠭᠲᠠᠨᠢᠭᠰᠠᠨ ᠣᠷᠣᠨ ᠪᠣᠯᠪᠠ᠃ ᠤᠷᠢᠳ ᠬᠤᠵᠢᠳ ᠵᠦᠸᠧᠽᠢ ᠱᠠᠨ ᠠᠭᠤᠷᠬᠠᠢ ᠶᠢᠨ ᠣᠷᠣᠨ᠂ ᠬᠠᠶᠢᠷᠤᠪ ᠤᠨ ᠲᠣᠬᠤᠢ ᠬᠤᠲᠠ ᠭᠡᠵᠦ ᠨᠡᠷᠡᠯᠡᠵᠦ᠂ ᠪᠦᠷ ᠶᠡᠭᠡ ᠵᠣᠣ ᠶᠢᠨ ᠴᠢᠭᠤᠯᠭᠠᠨ ᠤ ᠬᠠᠷᠢᠶᠠᠨ ᠳᠤ ᠬᠠᠷᠢᠶᠠᠯᠠᠭᠳᠠᠨ᠎ᠠ᠃ 1976 ᠣᠨ ᠤ 1 ᠰᠠᠷ᠎ᠠ ᠳᠤ ᠦᠬᠠᠶ ᠬᠤᠲᠠ ᠪᠠᠶᠢᠭᠤᠯᠤᠭᠳᠠᠵᠤ᠂ ᠬᠠᠶᠢᠷᠤᠪ ᠤᠨ ᠲᠣᠬᠤᠶ ᠲᠣᠭᠤᠷᠢᠭ ᠨᠢ ᠦᠬᠠᠶ ᠬᠤᠲᠠ ᠶᠢᠨ ᠬᠠᠷᠢᠶᠠᠲᠤ ᠲᠥᠪ ᠲᠣᠭᠤᠷᠢᠭ ᠪᠣᠯᠤᠨ᠎ᠠ᠃     ︽ᠬᠠᠶᠢᠷᠤᠪ ᠤᠨ ᠪᠤᠯᠤᠩ︾᠎ ᠤᠨ ᠨᠢᠭᠡ ᠨᠢ ᠮᠣᠩᠭᠤᠯ ᠲᠥᠪᠡᠳ ᠬᠡᠯᠡᠨ ᠤ ︽ᠬᠠᠶᠢᠯᠤᠪᠭᠠᠳᠠᠰᠤᠬᠠᠢ︾᠎ ᠠᠴᠠ ᠤᠯᠠᠷᠢᠨ ᠬᠤᠪᠢᠰᠴᠤ ᠢᠷᠡᠭᠰᠡᠨ ᠶᠤᠮ᠃ ︽ᠠᠷᠰᠯᠠᠨ ᠤ ᠪᠤᠯᠤᠩ︾ ᠭᠡᠰᠡᠨ ᠤᠳᠬ᠎ᠠ ᠲᠠᠢ᠃ ᠭᠠᠢᠬᠠᠮᠰᠢᠭᠲᠤ ᠨᠡᠷ᠎ᠡ ᠨᠢ ᠨᠢᠭᠡᠨ ᠭᠠᠢᠬᠠᠮᠰᠢᠭᠲᠤ ᠳᠣᠮᠤᠭ ᠠᠴᠠ ᠢᠷᠡᠯᠲᠡ ᠲᠠᠢ᠃ ᠴᠢᠩᠭᠢᠰ ᠬᠠᠭᠠᠨ ᠤ ᠦᠶ᠎ᠡ ᠳᠤ ᠶᠣᠯᠳᠣᠷᠮ᠎ᠠ ᠭᠡᠳᠡᠭ ᠠᠯᠳᠠᠷᠲᠤ ᠲᠡᠮᠦᠷ ᠤᠨ ᠳᠠᠷᠬᠠᠨ ᠵᠦᠸᠧᠽᠢ ᠠᠭᠤᠯᠠᠨ ᠳᠤ ᠴᠢᠩᠭᠢᠰ ᠬᠠᠭᠠᠨ ᠤ ᠪᠠᠷᠠᠭᠤᠨᠰᠢ ᠳᠠᠶᠢᠯᠠᠬᠤ ᠨᠤᠮᠤ ᠰᠤᠮᠤ᠂ ᠬᠤᠶᠠᠭ ᠳᠤᠭᠤᠯᠠᠭ᠎ᠠ‌‍ᠬᠢᠵᠦ ᠪᠠᠶᠢᠵᠠᠶ᠃ ᠴᠢᠩᠭᠢᠰ ᠬᠠᠭᠠᠨ ᠢᠯᠠᠯᠲᠠ ᠣᠯᠤᠭᠰᠠᠨ ᠤ ᠳᠠᠷᠠᠭ᠎ᠠ ᠵᠦᠸᠧᠽᠢ ᠱᠠᠨ ᠠᠭᠤᠯᠠ ᠶᠢᠨ ᠡᠨᠡ ᠬᠡᠰᠡᠭ ᠥᠩ ᠰᠢᠮᠡᠯᠢᠭ ᠭᠠᠵᠠᠷ ᠢ ᠲᠡᠮᠦᠷ ᠳᠠᠷᠬᠠᠨ ᠳᠤ ᠰᠣᠶᠣᠷᠬᠠᠭᠰᠠᠨ ᠪᠠᠶᠢᠨ᠎ᠠ᠃ ᠲᠡᠮᠦᠷ ᠤᠨ ᠳᠠᠷᠬᠠᠨ ᠨᠢᠭᠡ ᠬᠦᠦ ᠲᠠᠢ᠂ ᠨᠡᠷ᠎ᠡ ᠨᠢ ᠬᠠᠶᠢᠷᠤᠪ᠂ ᠲᠥᠷᠥᠭᠰᠡᠨ ᠨᠢ ᠶᠠᠭ ᠠᠷᠰᠯᠠᠨ ᠰᠢᠭ ᠡᠷᠡᠯᠬᠡᠭ ᠪᠠᠭᠠᠲᠤᠷᠯᠢᠭ᠃ ᠤᠳᠠᠭᠠᠨ ᠳᠠᠭᠠᠨ ᠮᠣᠩᠭᠤᠯ ᠮᠠᠯᠴᠢᠳ ᠲᠡᠭᠦᠨ ᠤ ᠨᠡᠷ᠎ᠡ ᠪᠠᠷ ᠡᠪᠡᠰᠦᠲᠦ ᠲᠠᠯ᠎ᠠ ᠶᠢ ᠳᠠᠭᠤᠳᠠᠳᠠᠭ ᠪᠣᠯᠬᠤᠷ ᠳᠠᠷᠤᠶ ︽ᠬᠠᠶᠢᠷᠤᠪ  ᠤᠨ ᠲᠤᠬᠤᠢ︾ ᠭᠡᠬᠦ ᠭᠠᠶᠢᠬᠠᠮᠰᠢᠭᠲᠤ ᠨᠡᠷ᠎ᠡ ᠲᠠᠢ ᠪᠣᠯᠵᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号