ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠤᠨ ᠳᠦᠷᠢᠮ
ᠨᠡᠶᠢᠲᠡᠯᠡᠭᠰᠡᠨ ᠴᠠᠭ᠄
2020-05-20
      ᠨᠢᠭᠡᠳᠦᠭᠡᠷ᠂ ᠪᠦᠬᠦ ᠲᠤᠭᠤᠷᠢᠭ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤᠰ‌‍ᠲ᠋ᠤᠰ ᠢᠶᠠᠷ ᠢᠶᠠᠨ ᠨᠡᠶᠢᠳᠡᠯᠡᠭᠰᠡᠨ ᠪᠠᠶᠢᠪᠠᠯ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠨᠢ ᠥᠨᠳᠥᠷ᠂ ᠬᠡᠷᠡᠭᠵᠢᠭᠦᠯᠬᠦ ᠳᠤ ᠬᠦᠴᠢᠷᠲᠡᠶ᠂ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠥᠷᠥ ᠶᠢᠨ ᠪᠣᠳᠣᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠡᠷᠡᠭᠲᠡᠶ︔ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠢ ᠰᠢᠮᠳᠠᠭᠤᠯᠤᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠶ᠃      ᠬᠤᠶᠠᠳᠤᠭᠠᠷ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠳᠤ ︽ᠬᠡᠨ ᠲᠤᠭᠤᠷᠪᠢᠪᠠᠯ ᠬᠡᠨ  ᠲᠠᠶᠢᠯᠪᠤᠷᠢᠯᠠᠬᠤ︾ ᠵᠠᠷᠴᠢᠮ ᠶᠣᠰᠣᠭᠠᠷ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠲᠥᠰᠦᠯ᠂ ᠲᠠᠶᠢᠯᠪᠤᠷᠢᠯᠠᠨ ᠲᠠᠶᠢᠯᠪᠤᠷᠢᠯᠠᠬᠤ ᠮᠠᠲ᠋ᠧᠷᠢᠶᠠᠯ ᠲᠠᠢ ᠵᠡᠷᠭᠡᠪᠡᠷ ᠵᠣᠬᠢᠶᠠᠨ ᠪᠠᠶᠢᠭᠤᠯᠵᠤ᠂ ᠵᠡᠷᠭᠡᠪᠡᠷ ᠬᠢᠨᠠᠨ ᠭᠠᠷ ᠤᠨ ᠦᠰᠦᠭ ᠵᠢᠷᠤᠵᠤ᠂ ᠵᠡᠷᠭᠡᠪᠡᠷ ᠪᠠᠶᠢᠷᠢᠯᠠᠭᠤᠯᠬᠤ ᠶᠢ ᠪᠠᠷᠢᠮᠲᠠᠯᠠᠵᠤ᠂ ᠲᠠᠶᠢᠯᠤᠮᠵᠢ ᠬᠢᠬᠦ ᠠᠵᠢᠯ ᠢ ᠰᠠᠶᠢᠲᠤᠷ ᠬᠢᠨ᠎ᠠ᠃      ᠭᠤᠷᠪᠠᠳᠤᠭᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠴᠢᠬᠤᠯᠠ ᠶᠡᠭᠡ ᠲᠥᠷᠥ ᠶᠢᠨ ᠪᠣᠳᠣᠯᠭ᠎ᠠ ᠨᠡᠶᠢᠲᠡᠯᠡᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠷᠬᠡ ᠰᠦᠷᠲᠦ ᠲᠠᠶᠢᠯᠤᠮᠵᠢ ᠬᠢᠵᠦ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠣᠯ ᠨᠢᠭᠡᠳᠦᠭᠡᠷ ᠲᠠᠶᠢᠯᠤᠮᠵᠢ ᠬᠢᠭᠴᠢ ᠪᠠ ᠬᠠᠷᠢᠭᠤᠴᠠᠯᠭᠠᠲᠠᠨ ᠪᠣᠯᠤᠨ᠎ᠠ᠃ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ᠂ ᠵᠠᠬ᠎ᠠ ᠳᠡᠯᠭᠡᠭᠦᠷ ᠤᠨ ᠵᠢᠱᠢᠯᠲᠡ ᠶᠢ ᠨᠦᠯᠤᠭᠡᠯᠡᠬᠦ ᠵᠡᠷᠭᠡ ᠴᠢᠬᠤᠯᠠ ᠲᠥᠷᠥ ᠶᠢᠨ ᠪᠣᠳᠣᠯᠭ᠎ᠠ ᠳᠤ᠂ ᠵᠠᠭᠤᠴᠢᠯᠠᠭᠤᠷ ᠢ ᠴᠢᠳᠠᠮᠠᠭᠠᠶ ᠬᠡᠷᠡᠭᠯᠡᠵᠦ᠂ ᠦᠨᠡᠨ ᠠᠴᠠ ᠵᠥᠪ ᠢ ᠡᠷᠢᠵᠦ᠂ ᠬᠠᠷᠠᠯᠲᠠ ᠲᠠᠢ ᠪᠠᠷ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠨᠡᠶᠢᠭᠡᠮ ᠯᠦᠭᠡ ᠨᠡᠪᠲᠡᠷᠡᠯᠴᠡᠬᠦ ᠠᠵᠢᠯ ᠢ ᠰᠠᠶᠢᠲᠤᠷ ᠬᠢᠨ᠎ᠡ᠃      ᠳᠥᠷᠪᠡᠳᠦᠭᠡᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠲᠣᠭᠲᠠᠭᠠᠨ ᠲᠠᠷᠬᠠᠭᠠᠬᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ᠂ ᠮᠡᠳᠡᠭᠦᠯᠦᠨ ᠵᠥᠪᠰᠢᠶᠡᠷᠡᠭᠦᠯᠬᠦ ᠦᠶ᠎ᠡ ᠳᠤ ᠤᠩᠰᠢᠨ ᠲᠠᠶᠢᠯᠪᠤᠷᠢᠯᠠᠬᠤ ᠲᠥᠰᠦᠯ᠂ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢᠶᠠᠨ ᠬᠠᠮᠲᠤ ᠳᠤᠨᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠮᠡᠳᠡᠭᠦᠯᠦᠨ ᠬᠢᠨᠠᠭᠤᠯᠵᠤ ᠭᠠᠷ ᠤᠨ ᠥᠰᠥᠭ ᠵᠢᠷᠤᠭᠤᠯᠬᠤ ᠬᠡᠷᠡᠭᠲᠡᠶ︔ᠰᠠᠯᠠᠭ᠎ᠠ ᠮᠥᠴᠢᠷ ᠬᠠᠮᠲᠤᠷᠠᠨ ᠠᠯᠪᠠᠨ ᠪᠢᠴᠢᠭ ᠶᠠᠪᠤᠭᠤᠯᠤᠭᠰᠠᠨ ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ ᠠᠴᠠ ᠤᠩᠰᠢᠨ ᠲᠠᠶᠢᠯᠪᠤᠷᠢᠯᠠᠬᠤ ᠲᠥᠰᠦᠯ᠂ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠬᠠᠮᠲᠤ ᠳᠤᠨᠢ ᠬᠠᠮᠲᠤᠷᠠᠨ ᠭᠠᠷ ᠤᠨ ᠦᠰᠦᠭ ᠵᠢᠷᠤᠵᠤ᠂ ᠪᠢᠴᠢᠭ ᠮᠠᠲ᠋ᠧᠷᠢᠶᠠᠯ ᠶᠠᠪᠤᠭᠤᠯᠤᠭᠰᠠᠨ ᠰᠠᠯᠠᠭ᠎ᠠ ᠮᠥᠴᠢᠷ ᠲᠠᠢ ᠬᠠᠮᠲᠤᠷᠠᠨ ᠬᠠᠮᠵᠢᠯᠴᠠᠬᠤ ᠬᠡᠷᠡᠭᠲᠡᠶ᠃      ᠲᠠᠪᠤᠳᠤᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠲᠤᠭᠤᠷᠪᠢᠨ ᠪᠢᠴᠢᠭᠰᠡᠨ ᠪᠥᠭᠡᠳ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ᠪᠢᠴᠢᠭ ᠮᠠᠲ᠋ᠧᠷᠢᠶᠠᠯ᠂ ᠭᠠᠵᠠᠷ ᠣᠷᠣᠨ ᠪᠤᠶᠤ ᠰᠠᠯᠠᠭ᠎ᠠ ᠮᠥᠴᠢᠷ ᠤᠨ ᠬᠢᠨ ᠣᠷᠣᠯᠠᠨ ᠲᠤᠭᠤᠷᠪᠢᠭᠰᠠᠨ ᠡᠬᠡ ᠪᠢᠴᠢᠭ ᠢ ᠳᠡᠭᠡᠭᠰᠢ ᠮᠡᠳᠡᠭᠦᠯᠤᠭ᠍ᠰᠡᠨ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠲᠥᠰᠦᠯ ᠪᠠ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠬᠠᠮᠲᠤ ᠳᠤᠨᠢ ᠮᠡᠳᠡᠭᠦᠯᠦᠨ ᠬᠦᠷᠭᠡᠵᠦ᠂ ᠭᠠᠵᠠᠷ ᠣᠷᠣᠨ ᠪᠤᠶᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯ ᠨᠢᠭᠡᠳᠦᠭᠡᠷ ᠲᠠᠶᠢᠯᠪᠤᠷᠢᠯᠠᠭᠴᠢ ᠪᠣᠯᠤᠨ᠎ᠠ︔ ᠪᠢᠴᠢᠭ ᠮᠠᠲ᠋ᠧᠷᠢᠶᠠᠯ ᠢ ᠨᠡᠶᠢᠲᠡᠯᠡᠬᠦ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠪᠠ ᠵᠢᠱᠢᠯᠲᠡ ᠶᠢ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ︔ ᠪᠢᠴᠢᠭ ᠮᠠᠲ᠋ᠧᠷᠢᠶᠠᠯ ᠢ ᠨᠡᠶᠢᠲᠡᠯᠡᠬᠦ ᠦᠶ᠎ᠡ ᠳᠤ᠂ ᠬᠠᠮᠢᠶ᠎ᠠ ᠪᠥᠬᠦᠶ ᠤᠩᠰᠢᠨ ᠲᠠᠶᠢᠯᠪᠤᠷᠢᠯᠠᠬᠤ ᠮᠠᠲ᠋ᠧᠷᠢᠶᠠᠯ  ᠢ ᠪᠢᠴᠢᠭ ᠮᠠᠲ᠋ᠧᠷᠢᠶᠠᠯ ᠯᠤᠭ᠎ᠠ ᠵᠡᠷᠭᠡ ᠪᠠᠷ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠭᠤᠴᠢᠯᠠᠭᠤᠷ ᠲᠤ ᠨᠡᠶᠢᠲᠡᠯᠡᠬᠦ ᠬᠡᠷᠡᠭᠲᠡᠶ︔ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠶᠠᠪᠤᠴᠠ ᠳᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠮᠥᠷᠳᠡᠬᠦ ᠬᠡᠷᠡᠭᠲᠡᠶ᠂ ᠬᠡᠰᠡᠭ ᠬᠤᠪᠢᠶᠠᠵᠤ᠂ ᠣᠯᠠᠨ ᠤᠳᠠᠭ᠎ᠠ᠂ ᠦᠷᠭᠦᠯᠵᠢᠯᠡᠨ ᠲᠠᠶᠢᠯᠤᠮᠵᠢ ᠬᠢᠵᠦ᠂ ᠴᠠᠭ ᠲᠤᠬᠠᠶ ᠳᠤᠨᠢ ᠰᠡᠵᠢᠭ ᠢ ᠨᠢ ᠠᠯᠳᠠᠷᠠᠭᠠᠵᠤ᠂ ᠰᠠᠨᠠᠭᠠᠴᠢᠯᠠᠭᠠᠲᠤ ᠴᠢᠨᠠᠷ᠂ ᠬᠠᠨᠳᠤᠯᠭᠠᠲᠤ ᠴᠢᠨᠠᠷ ᠪᠠ ᠬᠤᠭᠤᠴᠠᠭᠠᠲᠤ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠬᠤ  ᠬᠡᠷᠡᠭᠲᠡᠶ︔ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠨᠡᠶᠢᠭᠡᠮ ᠤᠨ ᠠᠩᠬᠠᠷᠤᠯ ᠥᠨᠳᠥᠷ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠤᠭᠤᠷᠪᠢᠨ ᠪᠢᠴᠢᠬᠦ ᠭᠠᠵᠠᠷ ᠣᠷᠣᠨ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠲᠦᠷᠦᠭᠦᠯᠡᠨ ᠤᠬᠠᠭᠤᠯᠤᠨ ᠲᠠᠶᠢᠯᠪᠤᠷᠢᠯᠠᠨ᠎ᠠ᠃      ᠵᠢᠷᠭᠤᠳᠤᠭᠠᠷ᠂ ᠬᠤᠷᠸ᠎ᠠ ᠠᠵᠤ ᠠᠬᠤᠶ ᠪᠠ ᠠᠷᠠᠳ ᠤᠨ ᠠᠮᠢᠳᠤᠷᠠᠯ ᠲᠠᠢ ᠨᠢᠭᠲᠠ ᠬᠠᠷᠢᠴᠠᠭ᠎ᠠ ᠲᠠᠢ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠤᠴᠢᠷ ᠶᠠᠪᠤᠳᠠᠯ ᠨᠡᠯᠢᠶᠡᠳ ᠠᠷᠪᠢᠨ ᠪᠠᠶᠢᠭ᠎ᠠ ᠰᠠᠯᠠᠭ᠎ᠠ ᠮᠥᠴᠢᠷ᠂ ᠬᠠᠭᠠᠰ ᠵᠢᠯ ᠪᠦᠷᠢ ᠳᠤ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯᠯᠠᠭ᠎ᠠ ᠶᠢ ᠨᠢᠭᠡ ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢ ᠵᠢᠯ ᠪᠦᠷᠢ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠡ ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠴᠢᠬᠤᠯᠠ ᠬᠤᠷᠠᠯ ᠤᠨ ᠠᠵᠢᠯᠯᠠᠭ᠎ᠠ᠂ ᠴᠢᠬᠤᠯᠠ ᠶᠡᠭᠡ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠲᠠᠶᠢᠯᠤᠮᠵᠢ ᠬᠢᠬᠦ ᠠᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠠᠬᠤᠶ ᠪᠠᠶᠢᠳᠠᠯ ᠤᠨ ᠦᠨᠳᠦᠰᠦᠯᠡᠯ᠂ ᠬᠠᠷᠠᠯᠲᠠ ᠡᠭᠦᠷᠭᠡ᠂ ᠭᠤᠤᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ᠂ ᠠᠩᠬᠠᠷᠬᠤ ᠵᠤᠶᠢᠯᠡᠰ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ ᠵᠡᠷᠭᠡ ᠶᠢ ᠭᠤᠤᠯᠳᠠᠯᠭ᠎ᠠ ᠲᠠᠢ‌‍ᠲ᠋ᠠᠶᠢᠯᠪᠤᠷᠢᠯᠠᠨ᠎ᠠ᠃ ᠲᠥᠷᠥ ᠶᠢᠨ ᠪᠣᠳᠣᠯᠭ᠎ᠠ ᠶᠢᠨ ᠠᠭᠤᠯᠤᠭᠳᠠᠬᠤᠨ ᠢ ᠢᠯᠡ ᠲᠣᠳᠣ ᠪᠠᠶᠢᠯᠭᠠᠵᠤ᠂ ᠣᠯᠠᠨ ᠨᠡᠶᠢᠲᠡ ᠶᠢᠨ ᠠᠳᠡᠭᠦᠤ ᠤᠶᠢᠯᠠᠭᠠᠯᠲᠠ ᠠᠴᠠ ᠵᠠᠶᠢᠯᠠᠰᠬᠢᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠮᠦᠷᠳᠡᠵᠤ᠂ ᠤᠩᠰᠢᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠴᠠᠭ ᠲᠤᠬᠠᠶ ᠳᠤᠨᠢ  ᠰᠡᠵᠢᠭ ᠢ ᠲᠠᠶᠢᠯᠤᠨ᠎ᠠ᠃      ᠳᠣᠯᠣᠳᠤᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ᠂ ᠵᠠᠭᠤᠴᠢᠯᠠᠭᠤᠷ ᠤᠨ ᠲᠤᠰᠬᠠᠶ ᠰᠤᠷᠪᠤᠯᠵᠢᠯᠠᠭ᠎ᠠ᠂ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ᠂ ᠰᠢᠭᠦᠮᠵᠢ ᠶᠢᠨ ᠵᠣᠬᠢᠶᠠᠯ ᠨᠡᠶᠢᠲᠡᠯᠡᠬᠦ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠡᠷᠡᠭᠯᠡᠨ ᠲᠠᠶᠢᠯᠤᠮᠵᠢ ᠬᠢᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠲᠣᠭᠲᠠᠭᠠᠭᠴᠢ ᠪᠣᠯᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠡᠵᠡᠮᠰᠢᠵᠤ᠂ ᠬᠠᠮᠢᠶ᠎ᠠ ᠪᠦᠬᠦᠢ ᠬᠦᠷᠢᠶ᠎ᠡ ᠬᠡᠪᠴᠢᠶᠡᠨ ᠤ ᠲᠤᠰᠬᠠᠶ ᠮᠡᠷᠭᠡᠵᠢᠯᠲᠡᠨ ᠡᠷᠳᠡᠮᠲᠡᠳ ᠤᠨ ᠤᠶᠢᠯᠡᠳᠤᠯ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠭᠦᠨᠵᠡᠭᠡᠶ ᠲᠠᠶᠢᠯᠪᠤᠷᠢᠯᠠᠵᠤ᠂ ᠴᠢᠩᠭᠠᠳᠬᠠᠬᠤ ᠬᠡᠷᠡᠭᠲᠡᠶ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号