ᠰᠢ ᠶᠢᠨ ᠫᠢᠡᠭ᠄ ᠲᠠᠷᠠ ᠬᠡᠪ ᠢᠶᠠᠷ ᠨᠢ ᠦᠯᠡᠳᠡᠭᠡ᠂ ᠦᠷ᠎ᠠ ᠬᠤᠶᠢᠴᠢᠰ ᠲᠤ ᠴᠢᠨᠢ ᠪᠤᠶᠠᠨ ᠪᠤᠯᠬᠤ ᠶᠤᠮ︕
ᠨᠡᠶᠢᠲᠡᠯᠡᠭᠰᠡᠨ ᠴᠠᠭ᠄
2020-05-28
      5 ᠰᠠᠷ᠎ᠠ ᠶᠢᠨ 22᠎ ᠤᠨ ᠦᠳᠠ ᠶᠢᠨ ᠬᠤᠶᠢᠨ᠎ᠠ᠂ ᠶᠡᠷᠤᠩᠭᠡᠢ ᠱᠦᠵᠢ ᠰᠢ ᠶᠢᠨ ᠫᠢᠡᠭ ᠦᠪᠤᠷ ᠮᠤᠩᠭᠤᠯ ᠤᠨ ᠲᠦᠯᠤᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠬᠤ ᠳᠠᠭᠠᠨ ᠵᠠᠬᠢᠭᠰᠠᠨ ᠵᠢᠭᠠᠪᠤᠷᠢ ᠰᠤᠷᠭᠠᠯ ᠨᠢ ᠤᠯᠠᠨ ᠲᠦᠮᠡᠨ ᠤ ᠠᠩᠬᠠᠷᠤᠯ ᠢ ᠲᠠᠳᠠᠯ᠎ᠠ᠃ ︽ᠦᠡᠭᠭᠡᠷᠡᠭᠰᠠᠨ ᠳᠤ ᠪᠢᠳᠠ ᠨᠢᠭᠡ ᠪᠦᠯᠦᠭ ᠵᠠᠳᠠᠭᠠᠢ ᠨᠡᠭᠦᠷᠡᠰᠤᠨ ᠤ ᠠᠭᠤᠷᠬᠠᠢ ᠪᠤᠯᠤᠨ ᠪᠤᠰᠤᠳ ᠠᠭᠤᠷᠬᠠᠢ ᠶᠢ ᠨᠡᠭᠡᠭᠡᠭᠡᠳ ᠠᠮᠢ ᠠᠬᠤᠢ ᠪᠠᠶᠢᠭᠠᠯᠢ ᠤᠷᠴᠢᠨ ᠳᠤ ᠭᠦᠨᠳᠤ ᠨᠤᠴᠢᠳᠠᠢ ᠲᠠᠷᠤᠯᠳᠠ ᠤᠴᠠᠷᠠᠭᠤᠯᠤᠯ᠎ᠠ᠂ ᠪᠢᠳᠠ ᠵᠢᠵᠢᠭ ᠠᠭᠤᠷᠬᠠᠢ ᠨᠤᠭᠤᠳ ᠤᠨ ᠡᠵᠡᠩᠨᠠᠯᠳᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠬᠢᠭᠠᠳ ᠡᠵᠡᠩᠨᠡᠭᠦᠯᠭᠦ ᠦᠭᠡᠢ᠂ 2023 ᠤᠨ ᠪᠤᠯᠳᠠᠯ᠎ᠠ ᠡᠵᠡᠩᠨᠡᠯᠳᠠ ᠶᠢᠨ ᠬᠤᠭᠤᠴᠠᠭᠠᠨ ᠳᠤ ᠪᠠᠶᠢᠭ᠎ᠠ ᠠᠭᠤᠯᠠ ᠠᠭᠤᠷᠬᠠᠢ ᠶᠢ ᠪᠦᠷ ᠪᠤᠬᠢᠷᠳᠤᠯ ᠦᠭᠡᠢ ᠠᠭᠤᠷᠬᠠᠢ ᠪᠤᠯᠭᠠᠨ ᠪᠠᠶᠢᠭᠤᠯᠬᠤ ᠪᠠᠷ ᠪᠠᠶᠢᠨ᠎ᠠ︾ ᠭᠡᠵᠤ ᠰᠢᠯᠢ ᠶᠢᠨ ᠭᠤᠤᠯ ᠠᠶᠢᠮᠠᠭ ᠤᠨ ᠲᠠᠷᠤᠭ᠎ᠠ᠂ ᠲᠦᠯᠤᠭᠡᠯᠡᠭᠴᠢ ᠾᠦᠸᠧ ᠵᠤᠤ ᠯᠢᠶᠠᠩ ᠤᠨ ᠶᠠᠷᠢᠬᠤ ᠶᠢ ᠰᠤᠨᠤᠰᠤᠭᠰᠠᠨ ᠤ ᠲᠠᠷᠠᠭ᠎ᠠ᠂ ᠶᠡᠷᠤᠩᠭᠡᠢ ᠱᠦᠵᠢ ᠰᠢ ᠶᠢᠨ ᠫᠢᠡᠭ᠄ ︽ᠵᠠᠳᠠᠭᠠᠢ ᠨᠡᠭᠦᠷᠡᠰᠤᠨ ᠤ ᠠᠭᠤᠷᠬᠠᠢ ᠤᠳᠤ ᠬᠡᠳᠤᠢ ᠪᠠᠶᠢᠨ᠎ᠠ︖︾ ᠭᠡᠵᠤ ᠠᠰᠠᠭᠤᠬᠤ ᠳᠤ᠂ ᠾᠦᠸᠧ ᠵᠤᠤ ᠯᠢᠶᠠᠩ᠄ ︽ᠪᠠᠰᠠ ᠨᠢᠭᠡ ᠪᠦᠯᠦᠭ ᠪᠠᠶᠢᠨ᠎ᠠ︾ ᠭᠡᠵᠤ ᠬᠠᠷᠢᠭᠤᠯᠵᠠᠢ᠃ ᠶᠡᠷᠤᠩᠬᠡᠢ ᠱᠦᠵᠢ᠄ ︽ᠬᠤᠵᠢᠮ ᠲᠠᠬᠢᠵᠤ ᠠᠭᠤᠷᠬᠠᠢ ᠨᠡᠮᠡᠭᠦ ᠦᠭᠡᠢ ᠪᠢᠵᠠ︖︾ ᠭᠡᠵᠤ ᠭᠦᠰᠡᠮᠵᠢᠯᠡᠨ ᠠᠰᠠᠭᠤᠬᠰᠠᠨ ᠳᠤ᠂ ᠾᠦᠸᠧ ᠵᠤᠤ ᠯᠢᠶᠠᠩ᠄ ︽ᠲᠠᠬᠢᠵᠤ ᠨᠡᠮᠡᠭᠦ ᠦᠭᠡᠢ︕ ᠪᠦᠭᠦ ᠠᠶᠢᠮᠠᠭ ᠤᠨ 60%᠎ ᠠᠴᠠ ᠲᠡᠭᠡᠭᠰᠢᠬᠢ ᠨᠤᠳᠤᠭ ᠢ ᠪᠦᠷ ᠠᠮᠢ ᠠᠬᠤᠢ ᠶᠢᠨ ᠬᠠᠮᠠᠭᠠᠯᠠᠯᠳᠠ ᠶᠢᠨ ᠬᠡᠪᠴᠢᠶᠠᠨ ᠳᠤ ᠤᠷᠤᠭᠤᠯᠤᠯ᠎ᠠ︾ ᠭᠡᠯ᠎ᠠ᠃
     ᠢᠡᠭᠬᠢᠭᠦ ᠳᠤ ᠶᠡᠷᠤᠩᠬᠡᠢ ᠱᠦᠵᠢ ᠰᠢ ᠶᠢᠨ ᠫᠢᠡᠭ᠄ ︽ᠲᠠᠷᠠ ᠬᠡᠪ ᠢᠶᠠᠷ ᠨᠢ ᠦᠯᠡᠳᠡᠭᠡ᠂ ᠤᠢᠷ᠎ᠠ ᠬᠤᠶᠢᠴᠢᠰ ᠲᠤ ᠴᠢᠨᠢ ᠪᠤᠶᠠᠨ ᠪᠤᠯᠬᠤ ᠶᠤᠮ︾ ᠭᠡᠵᠤ ᠵᠢᠭᠠᠪᠤᠷᠢᠯᠠᠭᠰᠠᠨ ᠪᠠᠶᠢᠨ᠎ᠠ᠃ ᠶᠡᠷᠤᠩᠬᠡᠢ ᠱᠦᠵᠢ ᠶᠢᠨ ᠡᠨᠡᠭᠦ ᠵᠢᠭᠠᠪᠤᠷᠢ ᠵᠠᠬᠢᠶ᠎ᠠ ᠨᠢ ᠬᠤᠷᠠᠯ ᠳᠤ ᠤᠷᠤᠯᠴᠠᠵᠤ ᠪᠠᠶᠢᠭ᠎ᠠ ᠲᠦᠯᠤᠭᠡᠯᠡᠭᠴᠢᠳ ᠲᠤ ᠲᠦᠢᠯ ᠤᠨ ᠶᠡᠭᠡ ᠵᠤᠷᠢᠭᠵᠢᠭᠤᠯᠤᠯ ᠪᠤᠯᠤᠬᠰᠠᠨ ᠢᠶᠠᠷ ᠪᠠᠷᠠᠬᠤ ᠦᠭᠡᠢ᠂ ᠦᠪᠤᠷ ᠮᠤᠩᠭᠤᠯ ᠤᠨ ᠦᠷᠭᠡᠨ ᠤᠯᠠᠨ ᠮᠠᠯᠴᠢᠨ ᠲᠦᠮᠡᠨ ᠤ ᠬᠠᠯᠠᠭᠤᠨ ᠭᠦᠷᠢᠶᠠᠯᠠᠯ ᠢ ᠤᠯᠵᠤ᠂ ᠲᠡᠳᠠᠨ ᠤ ᠠᠮᠢ ᠠᠬᠤᠢ ᠪᠠᠨ ᠬᠠᠮᠠᠭᠠᠯᠠᠵᠤ ᠭᠦᠭᠵᠢᠭᠦᠯᠭᠦ ᠡᠷᠴᠢ ᠵᠤᠷᠢᠭ ᠢ ᠨᠢ ᠭᠦᠪᠴᠢᠯᠡᠭᠰᠠᠨ ᠶᠤᠮ᠃ ᠢᠡᠭᠬᠢᠭᠡᠳ ᠰᠤᠷᠪᠤᠯᠵᠢᠯᠠᠭᠴᠢ ᠡᠨᠡᠭᠦ ᠰᠡᠳᠤᠪ ᠢᠶᠠᠷ ᠬᠤᠶᠠᠷ ᠬᠤᠷᠠᠯ ᠳᠤ ᠤᠷᠤᠯᠴᠠᠵᠤ ᠪᠠᠶᠢᠭ᠎ᠠ ᠪᠦᠭᠦ ᠤᠯᠤᠰ ᠤᠨ ᠠᠷᠠᠳ ᠤᠨ ᠲᠦᠯᠤᠭᠡᠯᠡᠭᠴᠢ᠂ ᠬᠢᠨᠭ᠍ᠭᠠᠨ ᠠᠶᠢᠮᠠᠭ ᠤᠨ ᠤᠯᠤᠰ ᠤᠨ ᠦᠮᠴᠢᠯᠠᠯᠳᠤ ᠤᠢ ᠰᠢᠭᠤᠢ ᠶᠢᠨ ᠲᠠᠯᠠᠪᠠᠢ ᠪᠤᠯᠤᠨ ᠰᠢᠭᠤᠢᠢᠳᠤ ᠤᠷᠤᠨ ᠤ ᠬᠠᠮᠢᠶᠠᠷᠤᠯᠳᠠ ᠶᠢᠨ ᠲᠤᠪᠴᠢᠶᠠᠨ ᠳᠤ ᠠᠵᠢᠯ ᠠᠯᠪᠠ ᠲᠠᠢ ᠴᠧᠨ ᠯᠢᠶᠠᠩ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠭᠦᠭᠡ ᠬᠤᠰᠢᠭᠤᠨ ᠤ ᠪᠤᠱᠤᠤᠳᠠᠢ ᠰᠤᠮᠤᠨ ᠤ ᠨᠠᠮ ᠤᠨ ᠬᠤᠷᠢᠶᠠᠨ ᠤ ᠲᠡᠳ᠋ ᠱᠦᠵᠢ᠂ ᠰᠤᠮᠤᠨ ᠲᠠᠷᠤᠭ᠎ᠠ ᠠᠯᠳᠠᠨᠰᠦ᠋ᠭᠡ᠂ ᠰᠢᠯᠢ ᠶᠢᠨ ᠭᠤᠤᠯ ᠠᠶᠢᠮᠠᠭ ᠤᠨ ᠰᠤᠷᠤᠭᠴᠢ ᠡᠯᠰᠡᠭᠦ ᠰᠢᠯᠭᠠᠯᠳᠠ ᠶᠢᠨ ᠲᠦᠪ ᠤᠨ ᠦᠨᠳᠤᠷ ᠲᠡᠰ ᠤᠨ ᠪᠠᠭᠰᠢ᠂ ᠢᠷᠠᠭᠤ ᠨᠠᠶᠢᠷᠠᠭᠴᠢ ᠰ᠊ · ᠯᠾᠨᠮᠤᠵᠠᠪ᠂ ᠠᠪᠠᠭ᠎ᠠ ᠬᠤᠰᠢᠭᠤᠨ ᠤ ᠬᠤᠨᠭ᠍ᠭᠤᠷᠭᠤᠤᠯ ᠪᠠᠯᠭᠠᠰᠤᠨ ᠤ ᠲᠦᠭᠦᠷᠢᠭ ᠭᠠᠴᠠᠭᠠᠨ ᠤ ᠮᠠᠯᠴᠢᠨ ᠮᠦᠡᠭᠭᠦᠨᠴᠡᠴᠡᠭ ᠨᠠᠷ ᠢ ᠭᠠᠷ ᠤᠳᠠᠰᠤ ᠪᠠᠷ ᠰᠤᠷᠪᠤᠯᠵᠢᠯᠠᠭᠰᠠᠨ ᠳᠤ ᠲᠠᠳᠠ ᠡᠨᠡ ᠲᠤᠬᠠᠢ ᠲᠤᠰ ᠲᠤᠰ ᠤᠨ ᠦᠢᠯᠠᠭᠠᠯᠳᠠ ᠲᠦᠷᠦᠭᠳᠡᠯ ᠦᠵᠡᠯ ᠪᠤᠳᠤᠯ ᠢᠶᠠᠨ ᠶᠠᠷᠢᠭᠰᠠᠨ ᠶᠤᠮ᠃
    ︽ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠲᠤᠬᠤ ᠪᠤᠲᠤᠯᠭ᠎ᠠ ᠶᠢᠨ ᠲᠤᠭᠲᠠᠯ ᠬᠦᠴᠤᠨ ᠢᠶᠠᠨ ᠪᠠᠳᠤᠯᠠᠵᠤ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠬᠤ᠂ ᠪᠤᠬᠢᠷᠲᠤᠯ ᠦᠭᠡᠢ ᠪᠠᠷ ᠬᠦᠭᠵᠢᠬᠦᠯᠬᠦ ᠤᠲᠤᠷᠢᠲᠤᠮᠵᠢ ᠶᠢ ᠪᠠᠲᠤ ᠪᠤᠢ ᠪᠤᠯᠭᠠᠨ᠂ ᠬᠦᠭᠡ ᠤᠭᠳᠠᠷᠭᠤᠢ᠂ ᠬᠦᠭᠡᠮᠲᠦᠭ ᠤᠰᠤ᠂ ᠠᠷᠢᠭᠤᠨ ᠬᠦᠷᠦᠰᠦ ᠶᠢᠨ ᠬᠠᠮᠠᠭᠠᠯᠠᠯᠲᠠ ᠶᠢᠨ ᠲᠠᠶᠢᠯᠠᠯᠲᠤᠭᠠᠠ ᠢ ᠦᠷᠬᠦᠯᠵᠢᠯᠠᠠ ᠰᠠᠶᠢᠳᠤᠷ ᠬᠢᠵᠦ᠂ ᠡᠭᠡ ᠤᠯᠤᠰ ᠤᠨ ᠤᠮᠠᠷᠠᠲᠦ ᠶᠢᠨ ᠡᠨᠡ ᠬᠦ ᠲᠦᠮᠡᠡ ᠭᠠᠵᠠᠷ ᠤᠨ ᠨᠤᠮᠢᠨ ᠨᠤᠭᠤᠭᠠᠠ ᠤᠷᠲᠤ ᠴᠠᠭᠠᠠ ᠭᠡᠷᠡᠮ ᠢ ᠨᠡᠩ ᠪᠡᠳᠤ ᠪᠠᠬᠢ ᠴᠤᠭᠴᠠᠯᠠᠬᠤ ᠭᠡᠷᠡᠭᠲᠡᠢ︾ ᠭᠡᠵᠤ ᠶᠠᠷᠤᠩᠬᠡᠢ ᠱᠦᠵᠢ ᠰᠢ ᠶᠢᠨ ᠫᠢᠩ ᠵᠢᠭᠠᠪᠤᠷᠢᠯᠠᠭᠰᠠᠨ ᠶᠤᠮ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号