ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠢ ᠦᠷᠭᠦᠯᠵᠢᠯᠡᠨ ᠬᠢᠨᠠᠨ ᠵᠦᠪᠯᠡᠵᠡᠢ
ᠨᠡᠶᠢᠲᠡᠯᠡᠭᠰᠡᠨ ᠴᠠᠭ᠄
2020-05-28
     5 ᠰᠠᠷ᠎ᠠ ᠶᠢᠨ 25 ᠤ ᠦᠲᠡ ᠶᠢᠨ ᠡᠮᠦᠨ᠎ᠡ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠤᠭᠤᠢᠢᠯᠠᠩ ᠬᠤᠪᠢᠶᠠᠬᠰᠠᠨ ᠬᠤᠷᠠᠯ ᠬᠢᠵᠦ᠂ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠢ ᠦᠷᠭᠦᠯᠵᠢᠯᠡᠨ ᠬᠢᠨᠠᠨ ᠵᠦᠪᠯᠡᠵᠦ᠂ ︽ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠬᠡᠷᠡᠭᠵᠢᠭᠦᠯᠬᠦ ᠲᠤᠬᠲᠠᠴᠠ ᠶᠢ ᠪᠠᠶᠢᠭᠤᠯᠤᠨ ᠲᠠᠬᠦᠯᠳᠡᠷᠵᠢᠬᠦᠯᠬᠦ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠬᠲᠠᠭᠠᠯ ︵ᠲᠦᠰᠦᠯ︶︾ ᠢ ᠬᠢᠨᠠᠨ ᠵᠦᠪᠯᠡᠪᠡ᠃ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠱᠢ ᠲᠠᠢ ᠹᠧᠩ᠂ ᠪᠦᠯᠬᠦᠮ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠯᠢ ᠰᠢᠦ ᠯᠢᠩ ᠬᠢᠨᠠᠨ ᠵᠦᠪᠯᠡᠬᠦ ᠳᠤ ᠤᠷᠤᠯᠴᠠᠵᠠᠢ᠃ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠲᠡᠳ᠋ ᠲᠠᠷᠤᠭ᠎ᠠ ᠯᠢᠨ ᠱᠤᠤ ᠴᠦᠨ᠂ ᠨᠠᠰᠤᠨᠮᠦ᠋ᠩᠭᠡ ᠲᠤᠰ ᠪᠦᠷᠢ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠡᠪᠡ᠃ ᠶᠡᠭᠡ ᠬᠤᠷᠠᠯ ᠤᠨ ᠬᠠᠤᠯᠢ ᠶᠢᠨ ᠲᠦᠰᠦᠯ ᠤᠨ ᠲᠤᠭᠤᠢᠢᠯᠠᠩ ᠤᠨ ᠬᠠᠮᠢᠶ᠎ᠠ ᠪᠦᠬᠦᠢ ᠨᠦᠬᠦᠳ ᠬᠤᠷᠠᠯ ᠳᠤ ᠤᠷᠤᠯᠴᠠᠨ ᠰᠠᠨᠠᠯ ᠰᠤᠨᠤᠰᠴᠠᠢ ᠃ ᠲᠦᠯᠦᠭᠡᠯᠡᠭᠴᠢᠳ᠂ ᠢᠷᠭᠡᠨ ᠤ ᠬᠠᠤᠯᠢ ᠶᠢᠨ ᠪᠢᠴᠢᠭ ᠤᠨ ᠲᠥᠰᠦᠯ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠬᠠᠤᠯᠢ ᠲᠣᠭᠲᠠᠭᠠᠬᠰᠠᠨ ᠡᠯᠪᠡᠭ ᠪᠠᠶᠠᠯᠢᠭ ᠦᠷ᠎ᠡ ᠪᠦᠲᠦᠭᠡᠯ ᠪᠤᠯᠤᠨ ᠮᠠᠨ ᠤ ᠤᠯᠤᠰ ᠤᠨ ᠤᠷᠲᠤ ᠬᠤᠭᠤᠴᠠᠭᠠᠨ ᠤ ᠢᠷᠭᠡᠨ ᠤ ᠬᠡᠷᠡᠭ ᠤᠨ ᠬᠠᠤᠯᠢ ᠪᠠᠷᠢᠬᠰᠠᠨ ᠦᠢᠯᠡᠳᠦᠯᠭᠡ ᠶᠢᠨ ᠲᠤᠷᠰᠢᠯᠭ᠎ᠠ ᠶᠢ ᠭᠦᠢᠴᠡᠳ ᠰᠢᠩᠭᠡᠭᠡᠨ ᠠᠪᠴᠤ᠂ ᠮᠠᠨ ᠤ ᠤᠯᠤᠰ ᠤᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠰᠢᠰᠲ᠋ᠧᠮ ᠢ ᠰᠢᠰᠲ᠋ᠧᠮᠵᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠡᠶᠡᠯᠡᠭᠦᠯᠵᠦ᠂ ᠠᠷᠠᠳ ᠲᠦᠮᠡᠨ ᠤ ᠬᠠᠤᠯᠢᠵᠢᠯ ᠤᠨ ᠬᠡᠷᠡᠭᠴᠡᠭᠡ ᠳᠤ ᠦᠨᠡᠨ ᠬᠦ ᠬᠠᠷᠢᠭᠤᠯᠲᠠ ᠥᠭᠬᠦᠭᠰᠡᠨ ᠪᠠᠶᠢᠨ᠎ᠠ ᠬᠡᠵᠦ ᠦᠵᠡᠵᠡᠭᠡᠪᠡ᠃ ᠲᠥᠯᠥᠭᠡᠯᠡᠭᠴᠢᠳ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠠᠬᠦᠯᠳᠡᠷᠵᠢᠬᠦᠯᠬᠦ ᠲᠣᠭᠲᠠᠭᠠᠯ ᠤᠨ ᠲᠥᠰᠦᠯ ᠢ ᠰᠠᠨᠠᠯ ᠨᠢᠭᠡᠲᠡᠶ ᠵᠥᠪᠰᠢᠶᠡᠷᠡᠵᠦ ᠪᠠᠶᠢᠬᠤ ᠪᠠᠨ ᠢᠯᠡᠷᠭᠡᠶᠢᠯᠡᠵᠠᠢ᠃
 
ᠢᠷᠡᠯᠲᠡ᠄ ᠦᠪᠤᠷ ᠮᠤᠩᠭᠤᠯ ᠤᠨ ᠡᠳᠦᠷ ᠦᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号