ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2020-05-29
     ᠸᠠᠩ ᠶᠠᠩ ᠬᠤᠷᠠᠯ ᠳᠤ ᠣᠷᠣᠯᠴᠠᠪᠠ᠃      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 5 ᠰᠠᠷ᠎ᠠ ᠶᠢᠨ 18᠎ ᠤ ᠡᠳᠦᠷ ᠤᠨ ᠮᠡᠳᠡᠭᠡ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ 18᠎ ᠤ ᠡᠳᠦᠷ ᠤᠨ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ‍ᠤ‌‍ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ‌ᠡᠬᠢᠯᠡᠯᠲᠡ ᠶᠢᠨ ᠬᠤᠷᠠᠯ ᠳᠤ ᠣᠷᠣᠯᠴᠠᠪᠠ᠃ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ‌ᠭᠤᠷᠪᠠᠳᠤᠭᠠᠷ ᠬᠤᠭᠤᠴᠠᠭᠠᠨ‌‍ᠤ ᠪᠦᠬᠦ ᠤᠯᠤᠰ ᠤᠨ ᠬᠤᠷᠢᠶᠠᠨ ᠤ ᠭᠤᠷᠪᠠᠳᠤᠭᠠᠷ ᠬᠤᠷᠠᠯᠳᠤᠭᠠᠠ ᠢ ᠬᠤᠷᠠᠯᠳᠤᠭᠤᠯᠬᠤ‌‍ᠲ᠋ᠤᠬᠠᠢ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠤᠯᠤᠰ ᠲᠦᠷᠦ ᠶᠢᠨ ᠵᠥᠪᠯᠡᠯᠭᠡᠨ ᠤ ᠪᠦᠬᠦ ᠤᠯᠤᠰ ‍ᠤᠨ‌ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ︵ᠲᠥᠰᠦᠯ︶᠂ ᠤᠯᠤᠰ ᠲᠦᠷᠦ ᠵᠢᠨ‌ᠵᠥ᠋ᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ ︵ᠲᠥᠰᠦᠯ︶᠎ ᠶᠢ ᠲᠤᠭᠤᠷᠪᠢᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ᠂ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠭᠤᠷᠪᠠᠳᠤᠭᠠᠷ‌ᠬᠤᠷᠠᠯᠳᠤᠭᠠᠨ ᠤ ᠠᠮᠵᠢᠯᠲᠠ ᠲᠠᠢ ᠬᠤᠷᠠᠯᠳᠤᠬᠤ ᠳᠤ ᠪᠡᠯᠡᠳᠬᠡᠯ ᠬᠢᠪᠡ᠃ ᠬᠤᠷᠠᠯ ᠠᠴᠠ ᠪᠠᠰᠠ ᠠᠵᠢᠯᠲᠠᠨ ‍ᠤ‌‍ᠶᠠᠪᠤᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃
 
ᠢᠷᠡᠯᠲᠡ᠄ ᠠᠷᠠᠤᠡ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号