ᠹᠠᠨ ᠶᠥᠩ ᠱᠧᠩ
ᠨᠡᠶᠢᠲᠡᠯᠡᠭᠰᠡᠨ ᠴᠠᠭ᠄
2020/6/12
    ᠹᠠᠨ ᠶᠦᠩ ᠱᠧᠩ᠂ ᠡᠷᠡᠭᠲᠡᠶ᠂ ᠬᠢᠲᠠᠳ ᠦᠨᠳᠦᠰᠦᠲᠡᠨ᠂ 1983 ᠣᠨ ᠤ 1 ᠰᠠᠷ᠎ᠠ ᠳᠤ ᠲᠦᠷᠦᠵᠠᠢ᠂ 2008 ᠣᠨ ᠤ 9 ᠰᠠᠷ᠎ᠠ ᠳᠤ ᠠᠵᠢᠯ ᠳᠤ ᠣᠷᠣᠵᠠᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠨᠢᠩᠪᠦ᠋ᠸᠧ ᠶᠡᠭᠡ ᠰᠤᠷᠭᠠᠭᠤᠯᠢ ᠶᠢᠨ ᠡᠮᠴᠢᠯᠡᠭᠡᠨ ᠤ ᠭᠠᠳᠠᠭᠠᠳᠤ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠠᠴᠠ ᠲᠡᠭᠦᠰᠴᠡᠶ᠂ ᠠᠨᠠᠭᠠᠬᠤ ᠤᠬᠠᠭᠠᠨ ᠤ ᠮᠠᠰᠲ᠋ᠧᠷ᠂ ᠥᠪᠥᠷ ᠮᠣᠩᠭᠤᠯ ᠤᠨ ᠰᠢᠯᠢ ᠶᠢᠨ ᠭᠤᠣᠯ ᠤᠨ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃    ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠶᠢᠨ ᠠᠵᠢᠯ ᠢ ᠬᠠᠷᠢᠭᠤᠴᠠᠵᠤ᠂ ᠭᠤᠷᠪᠠᠳᠤᠭᠠᠷ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠪᠠ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠵᠢᠯ ᠢ ᠲᠤᠰᠬᠠᠶ ᠬᠠᠷᠢᠭᠤᠴᠠᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠢ ᠪᠠᠭᠲᠠᠭᠠᠨ᠎ᠠ︶᠎ ᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号