ᠡᠦ ᠬᠠᠢ
ᠨᠡᠶᠢᠲᠡᠯᠡᠭᠰᠡᠨ ᠴᠠᠭ᠄
2020/7/12
    ᠡᠦ ᠬᠠᠢ᠂ ᠡᠷᠡᠭᠲᠡᠢ᠂ ᠬᠢᠲᠠᠳ ᠦᠨᠳᠦᠰᠦᠲᠡᠨ᠂ 1981 ᠣᠨ ᠤ 8 ᠰᠠᠷ᠎ᠠ ᠳᠤ ᠲᠦᠷᠦᠵᠠᠢ᠂ 2001 ᠣᠨ ᠤ 3 ᠰᠠᠷ᠎ᠠ ᠳᠤ ᠠᠵᠢᠯ ᠳᠤ ᠣᠷᠣᠵᠤ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ᠂ ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠠᠴᠠ ᠲᠡᠭᠦᠰᠴᠡᠢ᠂ ᠱᠠᠨᠳᠦ᠋ᠩ ᠤᠨ ᠴᠠᠩ  ᠯᠧ ᠤᠨ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃    ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠡᠨᠧᠷᠭᠢ᠂ ᠪᠠᠶᠢᠭᠠᠯᠢ ᠶᠢᠨ ᠡᠬᠢ ᠪᠠᠶᠠᠯᠢᠭ ︵ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠠ ᠣᠶ ᠰᠢᠭᠤᠶ᠂ ᠨᠤᠲᠤᠭ ᠪᠡᠯᠴᠢᠭᠡᠷ ᠤᠨ ᠬᠡᠰᠡᠭ︶᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︵︽ᠳᠣᠯᠤᠭ᠎ᠠ ᠶᠢ ᠵᠠᠰᠠᠬᠤ︾ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠡᠨᠧᠷᠭᠢ ᠶᠢᠨ ᠲᠣᠪᠴᠢᠶ᠎ᠠ ︵ᠡᠨᠧᠷᠭᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶ ᠎ ᠶᠢ ᠬᠤᠪᠢᠳᠠᠨ  ᠬᠠᠮᠢᠶᠠᠷᠤᠨ᠎ᠠ᠃    ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠬᠠᠶᠢᠷᠤᠪ ᠤᠨ ᠲᠤᠬᠤᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ᠂ ᠬᠠᠶᠢᠷᠤᠪ ᠤᠨ ᠲᠤᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ ︵ᠬᠤᠳᠠ ᠶᠢᠨ ᠤᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠶᠢᠷᠤᠪ ᠤᠨ ᠲᠤᠬᠤᠢ ᠶᠢᠨ ᠬᠤᠪᠢᠶᠠᠷᠢ ᠲᠤᠪᠴᠢᠶ᠎ᠠ ᠪᠠᠭᠲᠠᠨ᠎ᠠ︶᠂ ᠦᠬᠠᠢ ᠶᠢᠨ ᠴᠠᠬᠢᠯᠭᠠᠨ ᠦᠢᠯᠡᠰ ᠤᠨ ᠲᠤᠪᠴᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠦᠬᠠᠢ ᠶᠢᠨ ᠬᠤᠪᠢᠶᠠᠷᠢ ᠺᠣᠮᠫᠠᠨᠢ ᠵᠡᠷᠭᠡ ᠪᠠᠭᠳᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号