ᠬᠠᠶᠢᠷᠤᠪ ᠤᠨ ᠲᠣᠬᠤᠢ ᠲᠤᠭᠤᠷᠢᠭ ᠣᠷᠣᠯᠭ᠎ᠠ ᠶᠢ ᠨᠡᠮᠡᠭᠳᠡᠭᠦᠯᠬᠦ ︽ᠬᠠᠶᠢᠨ ᠰᠦᠪᠡᠭᠴᠢᠯᠡᠬᠦ ᠮᠠᠶ᠋ᠢᠭ︾᠎ ᠎ ᠢᠶᠠᠷ ᠲᠣᠰᠬᠤᠨ ᠤ ᠠᠷᠠᠳ ᠢ ᠪᠠᠶᠠᠵᠢᠭᠤᠯᠬᠤ ᠳᠤ ᠲᠤᠰᠠᠯᠠᠪᠠ
ᠨᠡᠶᠢᠲᠡᠯᠡᠭᠰᠡᠨ ᠴᠠᠭ᠄
2020/7/13
     ᠢᠷᠡᠯᠲᠡ᠄ ᠦᠬᠠᠶ ᠶᠢᠨ ᠡᠳᠦᠷ ᠤᠨ ᠰᠣᠨᠢᠨ      ᠤᠶᠢᠷ᠎ᠠ ᠶᠢᠨ ᠵᠢᠯ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠨᠢ ᠶᠠᠳᠠᠭᠤ ᠬᠦᠴᠢᠷᠳᠡᠯᠲᠡᠢ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠠᠢ᠃ ᠲᠣᠰᠬᠤᠨ ᠤ ᠳᠣᠲᠣᠷᠠᠬᠢ ᠠᠵᠤ ᠦᠢᠯᠡᠰ᠂ ᠲᠣᠰᠬᠤᠨ ᠤ ᠭᠠᠳᠠᠨ᠎ᠠ ᠠᠵᠢᠯ ᠣᠯᠬᠤ᠂ ᠡᠳ᠋ ᠬᠥᠷᠥᠩᠭᠡ ᠬᠤᠪᠢ ᠣᠷᠣᠬᠤ ᠵᠡᠷᠭᠡ ᠣᠷᠣᠯᠭ᠎ᠠ ᠪᠠᠨ ᠨᠡᠮᠡᠭᠳᠡᠭᠦᠯᠬᠦ ᠵᠠᠭᠪᠤᠷ ᠢ ᠰᠦᠪᠡᠭᠴᠢᠯᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠨ ᠲᠣᠭᠲᠠᠭᠤᠨ ᠪᠥᠭᠡᠳ ᠤᠷᠲᠤ ᠬᠤᠭᠤᠴᠠᠭ᠎ᠠ ᠪᠠᠷ ᠦᠷ᠎ᠡ ᠪᠦᠲᠤᠮᠵᠢᠲᠠᠢ ᠣᠷᠣᠯᠭ᠎ᠠ ᠶᠢ ᠨᠢ ᠨᠡᠮᠡᠭᠳᠡᠭᠦᠯᠪᠡ᠃      ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠰᠢᠨ ᠳ᠋ᠢ ᠲᠣᠰᠬᠤᠨ ᠤ ᠳᠠᠩᠰᠠ ᠡᠪᠬᠡᠮᠡᠯ ᠪᠠ ᠺᠠᠷᠲ ᠲᠠᠢ ᠡᠷᠦᠬᠡ ᠸᠠᠩ ᠮᠢᠩ ᠭᠡᠷ ᠢᠶᠠᠨ ᠰᠣᠯᠢᠵᠤ᠂ ᠲᠡᠭᠦᠨ ᠤ ᠡᠬᠡᠨᠡᠷ ᠨᠢ ᠶᠠᠭ 20 ᠭᠠᠷᠤᠶ ᠴᠤᠷᠪᠠᠭ᠎ᠠ ᠲᠡᠵᠢᠭᠡᠵᠦ ᠪᠠᠶᠢᠨ᠎ᠠ᠃ ᠰᠥᠨᠢ ᠶᠢᠨ ᠡᠭᠡᠯᠵᠢ ᠠᠴᠠ ᠰᠠᠶ᠋ᠢᠬᠠᠨ ᠪᠠᠭᠤᠭᠰᠠᠨ ᠸᠠᠩ ᠮᠢᠩ ᠴᠦ ᠡᠬᠡᠨᠡᠷ ᠢᠶᠠᠨ ᠬᠠᠪᠰᠤᠷᠴᠤ ᠬᠦᠷᠢᠶ᠎ᠡ ᠬᠠᠰᠢᠶ᠎ᠠ ᠶᠢ ᠨᠢ ᠴᠡᠪᠡᠷᠯᠡᠭᠡᠳ᠂ᠳᠡᠮᠡᠶ ᠤᠳᠠᠭᠰᠠᠨ ᠦᠭᠡᠢ ᠬᠦᠷᠢᠶ᠎ᠡ ᠬᠠᠰᠢᠶ᠎ᠠ ᠨᠢ ᠴᠠᠪ ᠴᠡᠪᠡᠷᠬᠡᠨ ᠴᠡᠪᠡᠷᠯᠡᠵᠡᠶ᠃ ᠸᠠᠩ ᠮᠢᠩ ᠡᠬᠡᠨᠡᠷ ᠲᠠᠢ ᠪᠠᠨ ᠢᠬᠡᠷ᠎ᠡ ᠬᠤᠶᠠᠷ ᠥᠬᠢᠨ ᠲᠠᠢ ᠪᠣᠯᠪᠠ᠃ ᠭᠡᠲᠡᠯ᠎ᠡ ᠡᠨᠡ ᠬᠤᠶᠠᠷ ᠬᠡᠦᠬᠡᠳ ᠦᠵᠡᠭᠳᠡᠭᠰᠡᠨ ᠤ ᠳᠠᠷᠠᠭ᠎ᠠ ᠲᠥᠷᠥᠯᠬᠢ ᠴᠢᠨᠠᠷᠲᠠᠢ ᠰᠡᠭᠦᠵᠢᠨ ᠦᠶ᠎ᠡ ᠶᠢᠨ ᠬᠤᠶᠠᠷ ᠲᠠᠯ᠎ᠠ ᠠᠴᠠ ᠮᠤᠯᠲᠤᠷᠠᠳᠠᠭ᠃ ᠮᠡᠰᠡ ᠵᠠᠰᠠᠯ ᠤᠨ ᠰᠤᠶᠢᠤᠡᠭᠡᠯ᠂ ᠡᠮᠨᠡᠨ ᠵᠠᠰᠠᠬᠤ ᠰᠤᠶᠢᠤᠡᠭᠡᠯ ᠤᠷᠢᠳ ᠬᠤᠵᠢᠳ 30 ᠭᠠᠷᠤᠶ ᠲᠦᠮᠡᠨ ᠲᠥᠭᠦᠷᠢᠭ ᠵᠠᠷᠤᠴᠤᠭᠤᠯᠪᠠ᠃ ᠸᠠᠩ ᠮᠢᠩ ᠡᠬᠡᠨᠡᠷ ᠢᠶᠠᠨ ᠶᠡᠷᠦ ᠣᠷᠬᠢᠭᠰᠠᠨ ᠦᠭᠡᠶ᠂ ᠭᠡᠷ ᠢᠶᠠᠨ ᠬᠤᠳᠠᠯᠳᠤᠵᠤ ᠬᠡᠤᠬᠡᠳ ᠤᠨ ᠡᠪᠡᠳᠴᠢᠨ ᠢ ᠵᠠᠰᠠᠴᠤ ᠥᠭᠴᠡᠶ᠃ ᠡᠳᠡᠭᠡᠷ ᠵᠢᠯ ᠤᠳ ᠲᠤ ᠣᠯᠠᠨ ᠤᠳᠠᠭ᠎ᠠ ᠮᠡᠰᠡ ᠵᠠᠰᠠᠯ ᠬᠢᠵᠦ᠂ ᠬᠤᠶᠠᠷ ᠬᠡᠦᠬᠡᠳ ᠤᠨ ᠰᠡᠭᠦᠵᠢᠨ ᠦᠶ᠎ᠡ ᠨᠢ ᠨᠢᠭᠡᠨᠲᠡ ᠬᠡᠪ ᠲᠡᠭᠡᠨ ᠣᠷᠣᠵᠤ᠂ ᠡᠳᠦᠷ ᠲᠤᠲᠤᠮ ᠤᠨ ᠠᠮᠢᠳᠤᠷᠠᠯ ᠨᠢ ᠨᠦᠯᠤᠭᠡᠯᠡᠭᠳᠡᠬᠦ ᠦᠭᠡᠢ ᠮᠥᠷᠲᠡᠭᠡᠨ ᠪᠠᠰᠠ ᠶᠡᠭᠡ ᠰᠤᠷᠭᠠᠭᠤᠯᠢ ᠳᠤ ᠰᠢᠯᠭᠠᠨ ᠣᠷᠣᠵᠠᠢ᠃ ᠭᠡᠪᠡᠴᠦ ᠸᠠᠩ ᠮᠢᠩ ᠭᠡᠷ ᠢᠶᠠᠨ ᠰᠣᠯᠢᠬᠤ ᠳᠤ ᠪᠠᠰᠠ ᠪᠠᠭ᠎ᠠ ᠪᠤᠰᠤ ᠭᠠᠳᠠᠭᠠᠳᠤ ᠵᠢᠭᠡᠯᠡᠯᠭᠡ ᠥᠷᠢᠲᠦᠵᠦ ᠪᠠᠶᠢᠪᠠ᠃ 2014 ᠣᠨ ᠳᠤ᠂ ᠸᠠᠩ ᠮᠢᠩ ᠬᠡᠷ ᠪᠦᠯᠢ ᠪᠠᠨ ᠰᠣᠯᠢᠵᠤ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠪᠠᠷ ᠦᠨᠡᠮᠰᠢᠭᠳᠡᠵᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠲᠣᠰᠬᠤᠨ ᠤ ᠬᠠᠮᠳᠤ ᠶᠢᠨ ᠠᠵᠤ ᠠᠬᠤᠶ ᠶᠢᠨ ᠠᠰᠢᠭ ᠬᠤᠪᠢᠶᠠᠷᠢᠯᠠᠬᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠵᠡᠷᠭᠡ ᠡᠯ᠎ᠡ‌ᠵᠤᠶᠢᠯ ᠤᠨ ᠠᠷᠭ᠎ᠠ ᠬᠡᠮᠵᠢᠶ᠎ᠡ ᠶᠢ ᠴᠥᠮ ᠲᠡᠳᠡᠨ ᠤ ᠬᠡᠷ ᠲᠤ ᠨᠠᠶᠢᠳᠠᠪᠤᠷᠢᠵᠢᠭᠤᠯᠵᠠᠶ᠃ ︽2016 ᠣᠨ ᠳᠤ᠂ ᠬᠡᠦᠬᠡᠳ ᠨᠢᠭᠡ ᠨᠢ ᠵᠢᠩᠬᠢᠨᠢ ᠠᠩᠭᠢ ᠳᠤ ᠰᠢᠯᠭᠠᠨ ᠣᠷᠣᠪᠠ᠃ ᠨᠢᠭᠡ ᠨᠢ ᠲᠤᠰᠬᠠᠶ ᠮᠡᠷᠭᠡᠵᠢᠯ ᠳᠤ ᠰᠢᠯᠭᠠᠨ ᠣᠷᠣᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠᠯᠠ ᠮᠦᠩᠬᠦ ᠶᠢ ᠨᠢᠭᠡ ᠯᠡ ᠤᠳᠠᠭ᠎ᠠ ᠳᠤ 7 ᠲᠦᠮᠡᠨ ᠲᠥᠭᠦᠷᠢᠭ ᠲᠤᠰᠠᠯᠠᠪᠠ᠃︾ ᠭᠡᠵᠦ ᠸᠠᠩ ᠮᠢᠩ  ᠬᠡᠯᠡᠪᠡ᠃ ᠮᠥᠨ ᠨᠢᠭᠡ ᠵᠢᠯ ᠳᠤ᠂ ᠸᠠᠩ ᠮᠢᠩ ᠭᠡᠷ ᠢᠶᠠᠨ ᠰᠣᠯᠢᠵᠤ ᠬᠡᠪ ᠤᠨ ᠪᠠᠶᠢᠳᠠᠯ ᠢᠶᠠᠷ ᠶᠠᠳᠠᠭᠤ ᠠᠴᠠ ᠠᠩᠭᠢᠵᠢᠷᠠᠪᠠ᠃      ᠣᠳᠣᠬᠠᠨ ᠳᠤ ᠬᠠᠶᠢᠷᠤᠪ ᠤᠨ ᠲᠣᠬᠤᠶ ᠲᠣᠭᠤᠷᠢᠭ ᠤᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠰᠤᠷᠤᠭᠴᠢᠳ ᠶᠠᠳᠠᠭᠤ ᠬᠦᠴᠢᠷᠳᠡᠯᠲᠡᠶ ᠠᠴᠠ ᠪᠣᠯᠵᠣ ᠰᠤᠷᠤᠯᠭ᠎ᠠ ᠪᠠᠨ ᠳᠣᠷᠭᠤᠨ ᠵᠣᠭᠰᠣᠬᠤ ᠦᠵᠡᠭᠳᠡᠯ ᠪᠠᠶᠢᠬᠤ ᠥᠬᠡᠶ᠃ ᠨᠢᠳᠤᠨᠤᠨ᠂ ᠬᠠᠶᠢᠷᠤᠪ ᠤᠨ ᠲᠣᠬᠤᠢ ᠶᠢᠨ ᠲᠣᠭᠤᠷᠢᠭ ᠨᠢ ᠱᠠᠭᠠᠷᠳᠠᠯᠭ᠎ᠠ ᠳᠤ ᠨᠡᠶᠢᠴᠡᠭᠰᠡᠨ 22 ᠰᠣᠷᠣᠭᠴᠢ ᠳᠤ 4.725 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠪᠠ︔ ᠡᠨᠡ ᠵᠢᠯ᠂ 9 ᠰᠠᠷ᠎ᠠ ᠳᠤ 2020 ᠣᠨ ᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠨᠥᠬᠦᠪᠥᠷᠢ ᠣᠯᠭᠤᠬᠤ ᠪᠠᠷ ᠲᠥᠯᠥᠪᠯᠡᠵᠦ ᠪᠣᠶ︔ ᠬᠠᠶᠢᠷᠤᠪ ᠤᠨ ᠲᠣᠬᠤᠢ ᠲᠣᠭᠤᠷᠢᠭ ᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠨᠦᠭᠦᠴᠡᠯ ᠳᠤ ᠨᠡᠶᠢᠴᠡᠬᠦ ᠪᠦᠬᠦᠨ ᠢ ᠨᠠᠭᠠᠳᠤ ᠵᠠᠬ᠎ᠠ ᠶᠢᠨ ᠠᠮᠢᠳᠤᠷᠠᠯ ‍ᠤᠨ‌‍ᠪᠠᠲᠤᠯᠠᠭ᠎ᠠ ᠳᠤ ᠣᠷᠣᠭᠤᠯᠵᠤ᠂ ᠪᠠᠲᠤᠯᠠᠪᠠᠰᠤ ᠵᠣᠬᠢᠬᠤ ᠪᠦᠬᠦᠨ ᠢ ᠪᠠᠲᠤᠯᠠᠬᠤ ᠶᠢ ᠪᠡᠶᠡᠯᠡᠭᠦᠯᠪᠡ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠠᠴᠠ ᠨᠠᠰᠢ᠂ ᠰᠢᠨ ᠳ᠋ᠢ ᠲᠣᠰᠬᠤᠨ ᠠᠴᠠ ᠡᠯ᠎ᠡ‌ᠵᠤᠶᠢᠯ ᠤᠨ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ  ᠰᠠᠭᠤᠷᠢᠨ ᠳᠡᠭᠡᠷ᠎ᠡ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠡᠷᠦᠬᠡ ᠶᠢ ᠢᠳᠡᠪᠬᠢᠲᠠᠢ ᠬᠠᠪᠰᠤᠷᠤᠨ‌ᠠᠵᠢᠯ ᠣᠯᠭᠤᠬᠤ ᠠᠰᠠᠭᠤᠳᠠᠯ ᠢ ᠨᠢ ᠰᠢᠢᠤᠡᠪᠤᠷᠢᠯᠡᠵᠤ ᠥᠭᠴᠡᠶ᠃ ᠪᠠᠰᠠ ᠲᠡᠳᠡᠨ ᠤ ᠬᠦᠷᠢᠶᠡᠨ ᠤ ᠠᠵᠤ ᠠᠬᠤᠶ ᠶᠢ ᠬᠥᠭᠵᠢᠭᠦᠯᠬᠦ ᠳᠤ ᠬᠦᠴᠦ ᠨᠡᠮᠡᠷᠢᠯᠡᠪᠡ᠃ ᠣᠳᠣᠬᠠᠨ ᠳᠤ᠂ ᠰᠢᠨ ᠳ᠋ᠢ ᠲᠣᠰᠬᠤᠨ ᠤ 5 ᠡᠷᠦᠬᠡ ᠲᠠᠩᠰᠠ ᠪᠠ ᠺᠠᠷᠲ ᠲᠠᠢ ᠡᠷᠦᠬᠡ ᠨᠡᠶᠢᠲᠡ 12 ᠬᠥᠮᠦᠨ ᠪᠠᠶᠢᠵᠤ᠂ ᠬᠦᠷᠢᠶᠡᠨ ᠤ ᠠᠵᠤ ᠠᠬᠤᠶ ᠶᠢ ᠬᠥᠭᠵᠢᠭᠦᠯᠬᠦ ᠪᠠᠷ ᠳᠡᠮᠵᠢᠨ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃      ᠡᠨᠡ ᠵᠢᠯ᠂ ᠰᠢᠨ ᠳ᠋ᠢ ᠲᠣᠰᠬᠤᠨ ᠳᠤ ᠪᠠᠰᠠ ᠰᠢᠨ᠎ᠡ ᠲᠣᠰᠬᠤᠨ ᠤ ᠬᠠᠮᠲᠤ ᠶᠢᠨ ᠠᠵᠤ ᠠᠬᠤᠶ — ᠵᠢᠮᠢᠰ ᠤᠨ ᠬᠦᠷᠢᠶᠡᠯᠡᠩ ᠤᠨ  ᠲᠥᠷᠥᠯ ᠵᠤᠶᠢᠯ ᠲᠠᠢ ᠪᠣᠯᠵᠠᠶ᠃ ᠲᠣᠰᠬᠤᠨ ᠰᠤᠳᠤᠯᠬᠤ ᠪᠠᠷ ᠳᠠᠮᠵᠢᠨ 40 ᠮᠦ ᠰᠢᠬᠠᠮ ᠮᠦ ᠭᠠᠵᠠᠷ ᠰᠢᠷᠣᠶ ᠶᠢ ᠠᠰᠢᠭᠯᠠᠵᠤ᠂ ᠰᠢᠨ᠎ᠡ ᠡᠭᠦᠯᠳᠡᠷ ᠤᠨ ᠤᠯᠠᠭᠠᠨ ᠠᠯᠢᠮ᠎ᠠ ᠪᠠ ᠪᠣᠷᠣᠭᠠᠨ ᠤ ᠰᠢᠭᠦᠳᠡᠷᠢ ᠶᠢᠨ ᠠᠩᠬᠢᠯᠤᠮ᠎ᠠ ᠠᠯᠢᠮ᠎ᠠ ᠲᠠᠷᠢᠵᠤ᠂ ᠨᠡᠶᠢᠲᠡ 2000 ᠰᠠᠭᠤᠷᠢ ᠲᠠᠷᠢᠨ᠎ᠠ᠃ ᠣᠳᠣᠬᠠᠨ ᠳᠤ᠂ ᠵᠢᠮᠢᠰ ᠤᠨ ᠬᠦᠷᠢᠶᠡᠯᠡᠩ ᠤᠨ ᠲᠥᠷᠥᠯ ᠵᠤᠶᠢᠯ ᠢ ᠨᠢᠭᠡᠨᠲᠡ ᠤᠷᠤᠭᠰᠢᠲᠠᠶ ᠬᠡᠷᠡᠭᠵᠢᠭᠦᠯᠪᠡ᠃ ︽ᠮᠡᠷᠭᠡᠵᠢᠯᠲᠡᠶ ᠬᠥᠮᠦᠰ ᠠᠴᠠ ᠭᠠᠳᠠᠨ᠎ᠠ᠂ ᠵᠢᠮᠢᠰ ᠤᠨ ᠬᠦᠷᠢᠶᠡᠯᠡᠩ ᠢ ᠲᠠᠷᠢᠵᠤ ᠬᠠᠮᠢᠶᠠᠷᠬᠤ ᠬᠥᠳᠡᠯᠮᠦᠷᠢ ᠶᠢᠨ ᠬᠦᠴᠤᠨ ᠢ ᠪᠢᠳᠡ ᠴᠥᠮ ᠲᠤᠰ ᠭᠠᠴᠠᠭᠠᠨ ᠤ ᠪᠠᠨ ᠳᠠᠩᠰᠠᠯᠠᠵᠤ ᠺᠠᠷᠲᠯᠠᠭᠰᠠᠨ ᠡᠷᠦᠬᠡ ᠪᠠ ᠭᠠᠴᠠᠭᠠᠨ ᠤ ᠠᠷᠠᠳ ᠢ ᠤᠷᠢᠳᠠ ᠪᠠᠷ ᠬᠠᠷᠠᠭᠠᠯᠵᠠᠬᠤ ᠬᠡᠷᠡᠭᠲᠡᠶ᠃︾ ᠭᠡᠵᠦ ᠰᠢᠨ ᠳ᠋ᠢ ᠲᠣᠰᠬᠤᠨ ᠤ ᠨᠢᠭᠡᠳᠦᠭᠡᠷ ᠱᠦᠵᠢ ᠶᠠᠩ ᠭᠦᠸᠧ ᠴᠢᠶᠠᠩ ᠬᠡᠯᠡᠪᠡ᠃      ᠤᠶᠢᠷ᠎ᠠ ᠶᠢᠨ ᠵᠢᠯ ᠳᠤ᠂ ᠰᠢᠨ ᠳ᠋ᠢ ᠲᠣᠰᠬᠤᠨ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠲᠤᠰ ᠲᠤᠰ ᠦᠬᠠᠶ ᠬᠤᠲᠠ ᠶᠢᠨ ᠮᠧᠩ ᠭᠧᠨ ᠬᠤᠸᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠠᠳᠠᠯ ᠠᠬᠤᠶ ᠶᠢᠨ ᠤᠶᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠳᠤ ᠨᠡᠶᠢᠲᠡ 200 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠪᠦᠷᠢ 13 ᠲᠦᠮᠡ ᠭᠠᠷᠤᠶ ᠲᠥᠭᠦᠷᠢᠭ ᠤᠨ ᠠᠰᠢᠭ ᠣᠷᠣᠯᠭ᠎ᠠ ᠣᠯᠵᠤ᠂ ᠪᠦᠬᠦᠨ ᠢ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠳᠤ ᠠᠰᠢᠭ ᠬᠤᠪᠢᠶᠠᠬᠤ ᠳᠤ ᠬᠡᠷᠡᠭᠯᠡᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号