ᠶᠠᠳᠠᠭᠤ ᠠᠴᠠ ᠠᠩᠭᠢᠵᠢᠷᠠᠭᠤᠯᠬᠤ ᠤᠳᠤᠨ ᠤ ︽ᠵᠠᠮᠴᠢᠯᠠᠭᠴᠢ︾ ᠵᠢᠱᠢᠶ᠎ᠠ‌ᠦᠵᠡᠭᠦᠯᠬᠦ ᠦᠢᠯᠡᠳᠦᠯ ᠢ ᠪᠠᠳᠠᠷᠠᠭᠤᠯᠪᠠ
ᠨᠡᠶᠢᠲᠡᠯᠡᠭᠰᠡᠨ ᠴᠠᠭ᠄
2020/7/14
     ᠬᠠᠶᠢᠷᠤᠪ ᠤᠨ ᠲᠣᠬᠤᠢ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠪᠤᠴᠠ ᠳᠤᠮᠳᠠ᠂ ᠨᠢᠭᠡ ᠪᠦᠯᠦᠭ ᠶᠠᠳᠠᠭᠤ ᠠᠴᠠ ᠠᠩᠭᠢᠵᠢᠷᠠᠭᠤᠯᠬᠤ ᠣᠳᠣᠨ ᠴᠣᠯᠭᠤᠷᠠᠨ ᠭᠠᠷᠴᠤ᠂ ᠵᠣᠤ ᠽᠢ ᠴᠢᠩ ᠪᠣᠯ ᠳᠠᠷᠤᠶ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ ᠲᠡᠳᠡ ᠶᠠᠭ ᠯᠠ ᠨᠢᠭᠡ ᠮᠥᠬᠦᠯᠢᠭ ᠭᠠᠯ ᠮᠡᠲᠦ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠤᠷᠮ᠎ᠠ ᠰᠡᠤᠡᠬᠢᠯᠭᠡ ᠶᠢ ᠬᠥᠭᠵᠢᠭᠡᠭᠰᠡᠨ ᠪᠠᠶᠢᠨ᠎ᠠ᠃      ᠡᠨᠡ ᠵᠢᠯ 60 ᠨᠠᠰᠤᠲᠠᠶ ᠵᠣᠤ ᠽᠢ ᠴᠢᠩ ᠪᠣᠯᠤᠨ ᠡᠬᠡᠨᠡᠷ ᠨᠢ ᠬᠠᠶᠢᠷᠤᠪ ᠤᠨ ᠲᠣᠬᠤᠢ ᠲᠣᠭᠤᠷᠢᠭ ᠤᠨ ᠪᠠᠶᠠᠨᠤᠰᠤ ᠲᠤᠰᠬᠤᠨ ᠤ ᠠᠷᠠᠳ ᠪᠣᠯᠤᠨ᠎ᠠ᠃ ᠬᠤᠶᠠᠭᠤᠯᠠ ᠪᠡᠶ᠎ᠡ ᠨᠢ ᠵᠡᠮᠳᠡᠭ᠂ ᠬᠦᠨᠳᠦ ᠬᠥᠳᠡᠯᠮᠦᠷᠢ ᠬᠢᠵᠦ ᠴᠢᠳᠠᠬᠤ ᠦᠭᠡᠢ᠂ ᠨᠢᠭᠡ ᠭᠡᠷ ᠤᠨ ᠬᠥᠮᠦᠰ ᠤᠨ ᠠᠮᠢᠳᠤᠷᠠᠯ ᠨᠢ ᠨᠢᠭᠡ ᠦᠶ᠎ᠡ‌ᠮᠠᠰᠢ ᠬᠦᠴᠢᠷᠲᠡᠶ ᠪᠠᠶᠢᠵᠠᠶ᠂ ᠡᠯ᠎ᠡ ᠵᠦᠢᠯ ‍ᠤᠨ‌‍ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠠᠪᠰᠤᠷᠤᠯᠭ᠎ᠠ ᠳᠤᠤᠷ᠎ᠠ᠂ ᠵᠣᠤ ᠽᠢ ᠴᠢᠩ ᠤᠨ ᠨᠢᠭᠡ ᠭᠡᠷ ᠤᠨ ᠠᠮᠢᠳᠤᠷᠠᠯ ᠤᠨ ᠬᠢᠷᠢ ᠬᠡᠮᠵᠢᠶ᠎ᠡ ᠶᠡᠭᠡ ᠪᠠᠷ ᠰᠠᠶᠢᠵᠢᠷᠠᠵᠤ᠂ ᠢᠯᠠᠩᠭᠤᠶ᠎ᠠ 2019 ᠣᠨ ᠳᠤ ᠲᠡᠳᠡᠨ ᠤ ᠭᠡᠷ ᠨᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠳᠡᠮᠵᠢᠯᠭᠡ ᠳᠣᠣᠷ᠎ᠠ ᠲᠡᠵᠢᠭᠡᠨ ᠦᠷᠡᠵᠢᠭᠦᠯᠬᠦ‌ᠦᠢᠯᠡᠰ ᠢ ᠬᠥᠭᠵᠢᠭᠦᠯᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠨᠢ ᠨᠢᠭᠡᠨᠲᠡ 16 ᠦᠬᠡᠷ ᠪᠠ 40 ᠬᠤᠨᠢ ᠳᠤ ᠬᠦᠷᠦᠭᠰᠡᠨ ᠪᠠᠶᠢᠨ᠎ᠠ᠃      ᠰᠣᠨᠣᠰᠬᠤᠯᠠᠷ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠡᠷᠦᠬᠡ ᠵᠣᠤ ᠽᠢ ᠴᠢᠩ ᠣᠪᠣᠭᠲᠤ ᠶᠢᠨ ᠦᠬᠡᠷ ᠰᠠᠶ᠋ᠢ ᠲᠤᠭᠤᠯᠯᠠᠵᠤ᠂ ᠬᠠᠷ᠎ᠠ ᠥᠷᠯᠥᠭᠡ᠂ ᠪᠠᠶᠠᠨᠤᠰᠤ ᠲᠣᠰᠬᠤᠨ ᠤ ᠨᠢᠭᠡᠳᠦᠭᠡᠷ ᠱᠦᠵᠢ ᠯᠢᠦ ᠵᠧ ᠳᠠᠷᠤᠶ ᠵᠣᠣ ᠽᠢ ᠴᠢᠩ ᠤᠨ ᠬᠡᠷ ᠲᠤ ᠬᠦᠷᠴᠦ ᠪᠠᠶᠢᠳᠠᠯ ᠢ ᠠᠰᠠᠭᠤᠵᠤ᠂ ᠬᠠᠯᠠᠮᠵᠢᠯᠠᠭᠰᠠᠨ ᠰᠡᠳᠬᠢᠯᠭᠡ ᠨᠢ ᠦᠭᠡ ᠪᠠᠷ ᠢᠯᠡᠳᠬᠡᠵᠡᠶ᠃ ᠶᠠᠳᠠᠭᠤ ᠬᠦᠴᠢᠷᠳᠡᠯᠲᠡᠢ ᠡᠷᠦᠬᠡ ᠠᠴᠠ ᠶᠠᠳᠠᠭᠤ ᠠᠴᠠ ᠠᠩᠭᠢᠵᠢᠷᠠᠭᠰᠠᠨ ᠤᠳᠤ ᠬᠦᠷᠲᠡᠯ᠎ᠡ᠂ ᠵᠤᠤ ᠽᠢ ᠴᠢᠩ ᠤᠨ ᠶᠠᠳᠠᠭᠤ ᠠᠴᠠ ᠠᠩᠭᠢᠵᠢᠷᠠᠭᠰᠠᠨ ᠵᠠᠮ ᠨᠢ ᠯᠢᠦ ᠵᠧ ᠶᠢᠨ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠲᠤᠬᠠᠶ ᠶᠢᠨ ᠵᠢᠯ ᠯᠢᠦ ᠵᠧ ᠰᠤᠷᠪᠤᠯᠵᠢᠯᠠᠬᠤ ᠳᠠᠭᠠᠨ ᠵᠣᠤ ᠽᠢ ᠴᠢᠩ ᠪᠡᠶ᠎ᠡ ᠵᠡᠮᠳᠡᠭ ᠪᠣᠯᠤᠭᠰᠠᠨ ᠢ ᠣᠯᠵᠤ ᠮᠡᠳᠡᠵᠠᠢ᠃ ᠬᠥᠭᠰᠢᠨ ᠨᠢ ᠴᠦ ᠤᠳᠠᠭᠠᠨ ᠵᠢᠯ ᠡᠪᠡᠳᠴᠢᠯᠡᠭᠡᠳ ᠠᠮᠢᠳᠤᠷᠠᠯ ᠨᠢ ᠮᠠᠰᠢ ᠬᠦᠴᠢᠷᠲᠡᠢ ᠪᠠᠶᠢᠪᠠ᠃ ᠪᠠᠶᠢᠳᠠᠯ ᠢ ᠣᠶᠢᠯᠠᠭᠠᠭᠰᠠᠨ ᠯᠢᠦ ᠵᠧ ᠵᠣᠤ ᠽᠢ ᠴᠢᠩ ᠢ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ‌‍ᠪᠤᠯᠭᠠᠵᠤ᠂ ᠲᠡᠭᠦᠨ ᠢ ᠬᠠᠪᠰᠤᠷᠤᠨ ᠵᠢᠭᠡᠯᠡᠯᠭᠡ ᠭᠤᠶᠤᠴᠢᠯᠠᠵᠠᠶ᠃ ᠬᠦᠷᠢᠶ᠎ᠡ ᠬᠠᠰᠢᠶ᠎ᠠ ᠶᠢ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠳᠤ᠂ ᠨᠢᠭᠡᠳᠦᠭᠡᠷ ᠱᠦᠵᠢ ᠯᠢᠦ ᠵᠧ ᠶᠢ ᠶᠠᠷᠢᠬᠤ ᠪᠦᠷᠢ ᠵᠤᠤ ᠽᠢ ᠴᠢᠩ ᠪᠠᠰᠠ ᠵᠠᠯᠭᠠᠭ᠎ᠠ ᠪᠠᠷ ᠮᠠᠭᠲᠠᠨ ᠰᠠᠶᠢᠰᠢᠶᠠᠳᠠᠭ᠃      ᠶᠠᠳᠠᠭᠤ ᠠᠴᠠ ᠠᠩᠭᠢᠵᠢᠷᠠᠨ ᠪᠠᠶᠠᠵᠢᠬᠤ ᠵᠠᠮ ᠳᠡᠭᠡᠷ᠎ᠡ᠂ ᠵᠣᠤ ᠽᠢ ᠴᠢᠩ ᠢᠲᠡᠭᠡᠯ ᠳᠦᠭᠦᠷᠡᠩ ᠪᠠᠶᠢᠯ᠎ᠠ᠃ ︽ᠨᠢᠳᠤᠨᠤᠨ ᠮᠠᠨ ᠤ ᠭᠡᠷ ᠤᠨ ᠲᠡᠵᠢᠭᠡᠭᠰᠡᠨ ᠦᠬᠡᠷ ᠬᠤᠨᠢᠨ ᠤ ᠲᠤᠭ᠎ᠠ ᠪᠦᠷ ᠨᠡᠮᠡᠭᠳᠡᠵᠡᠶ᠂ ᠲᠡᠵᠢᠭᠡᠨ ᠦᠷᠡᠵᠢᠭᠦᠯᠬᠦ ᠦᠢᠯᠡᠰ ᠨᠡᠯᠢᠶᠡᠳ ᠰᠠᠶᠢᠨ ᠬᠥᠭᠵᠢᠵᠦ  ᠪᠠᠶᠢᠨ᠎ᠠ᠂ ᠮᠢᠨᠦ ᠠᠮᠢᠳᠤᠷᠠᠯ ᠡᠷᠡᠮᠡᠯᠵᠡᠯ ᠲᠠᠢ ᠪᠤᠯᠠᠵᠠᠢ᠃ ᠵᠣᠤ ᠽᠢ ᠴᠢᠩ᠄ ︽ᠬᠤᠶᠢᠰᠢᠳᠠ᠂ ᠪᠢ ᠪᠠᠰᠠ ᠲᠡᠵᠢᠭᠡᠨ ᠦᠷᠡᠵᠢᠭᠦᠯᠬᠦ ᠡᠷᠦᠬᠡ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠨᠤᠲᠤᠭ ᠤᠨ ᠠᠭ᠎ᠠ ᠳᠡᠭᠦᠦ ᠨᠡᠷ ᠢ ᠳᠠᠶᠢᠴᠢᠯᠠᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠬᠦᠯᠢᠶᠡᠬᠦ ᠦᠭᠡᠢ ᠲᠦᠰᠢᠬᠦ ᠦᠭᠡᠢ᠂ ᠴᠢᠷᠮᠠᠶᠢᠨ ᠪᠠᠶᠠᠵᠢᠵᠤ ᠣᠷᠣᠯᠭ᠎ᠠ ᠪᠠᠨ ᠨᠡᠮᠡᠭᠳᠡᠭᠦᠯᠦᠨ᠎ᠡ︾ ᠭᠡᠵᠤ ᠬᠡᠯᠡᠪᠡ᠃
 
ᠢᠷᠡᠯᠲᠡ᠄ ᠦᠬᠠᠢ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号