ᠬᠠᠶᠢᠷᠤᠪ ᠤᠨ ᠲᠣᠬᠤᠢ ᠲᠣᠭᠤᠷᠢᠭ ᠵᠢᠵᠢᠭ ᠲᠣᠭᠤᠷᠢᠭ ᠤᠨ ᠭᠠᠯ ᠤᠨᠲᠠᠷᠠᠭᠠᠬᠤ ᠵᠠᠮ  ᠢ ᠪᠥᠭᠯᠡᠵᠦ ᠡᠵᠡᠯᠡᠨ ᠬᠡᠷᠡᠭᠯᠡᠬᠦ ᠠᠰᠠᠭᠤᠳᠠᠯ ᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2020-07-29
     ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠣᠬᠤᠢ ᠲᠣᠭᠤᠷᠢᠭ      ᠣᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠶᠢᠷᠤᠪ ᠤᠨ ᠲᠣᠬᠤᠢ ᠶᠢᠨ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠪᠣᠳᠠᠰ ᠤᠨ ᠬᠠᠮᠢᠶᠠᠷᠤᠯᠲᠠ ᠶᠢᠨ ᠲᠥᠪ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠡᠯ᠎ᠡ ᠨᠡᠶᠢᠭᠡᠮ ᠲᠣᠭᠤᠷᠢᠭ᠂ ᠠᠳᠠᠯ ᠠᠬᠤᠶ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠹᠧᠩ ᠬᠤᠸᠠᠩ B ᠵᠢᠵᠢᠭ ᠲᠣᠭᠤᠷᠢᠭ ᠲᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠬᠢᠵᠦ᠂ ᠭᠠᠯ ᠤᠨ ᠠᠶᠤᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠳᠬᠠᠵᠤ᠂ ᠬᠠᠷᠢᠶ᠎ᠠ ᠣᠷᠣᠨ ᠤ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠪᠥᠭᠯᠡᠷᠡᠬᠦ᠂ ᠡᠵᠡᠯᠡᠨ ᠬᠡᠷᠡᠭᠯᠡᠬᠦ ᠵᠡᠷᠭᠡ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠤᠡᠪᠤᠷᠢᠯᠡᠬᠦ ᠪᠤᠯᠤᠨ᠎ᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠲᠡᠷᠭᠡᠨ ᠤ  ᠰᠠᠭᠠᠳ ᠦᠭᠡᠶ ᠨᠡᠪᠲᠡᠷᠡᠬᠦ ᠡᠰᠡᠬᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠱᠠᠭᠠᠷᠳᠠᠯᠭ᠎ᠠ ᠶᠣᠰᠣᠭᠠᠷ ᠭᠠᠯ ᠤᠨᠲᠠᠷᠠᠭᠠᠬᠤ ᠨᠡᠪᠲᠡᠷᠡᠬᠦ ᠵᠠᠮ ᠳᠤ ᠱᠤᠭᠤᠮ ᠵᠢᠷᠤᠭᠰᠠᠨ ᠡᠰᠡᠬᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠡᠷᠭᠢᠨ ᠲᠣᠭᠤᠷᠢᠨ ᠤ ᠬᠠᠮᠢᠶᠠᠷᠤᠯᠲᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ᠃ ᠪᠠᠰᠠ ᠠᠳᠠᠯ ᠠᠬᠤᠢ ᠶᠢᠨ ᠬᠠᠷᠢᠭᠤᠴᠠᠯᠭᠠᠲᠠᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠡᠳᠦᠷ ᠲᠤᠲᠤᠮ ᠤᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ᠂ ᠪᠠᠶᠢᠴᠠᠭᠠᠬᠤ ᠠᠵᠢᠯ ᠢ ᠴᠢᠩᠭᠠᠳᠭᠠᠵᠤ᠂ ᠳᠠᠯᠳᠠ ᠭᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠪᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠡᠷᠴᠢᠮ ᠢ ᠨᠡᠮᠡᠭᠳᠡᠭᠦᠯᠬᠦ ᠬᠡᠷᠡᠭᠲᠡᠶ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠳᠠᠯᠳᠠ ᠭᠡᠮ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠰᠠᠯᠠᠭ᠎ᠠ ᠮᠥᠴᠢᠷ ᠢ ᠵᠠᠷᠯᠢᠭᠳᠠᠨ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠡᠷᠬᠡᠪᠰᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠡᠭᠦᠨ ᠤ ᠳᠤ ᠬᠠᠮᠲᠤ ᠳᠠᠯᠳᠠ ᠭᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠭᠠᠯ ᠤᠨ ᠠᠶᠤᠯ ᠭᠠᠷᠤᠭᠰᠠᠨ ᠡᠬᠢᠨ ᠤ ᠬᠤᠭᠤᠴᠠᠭᠠᠨ ᠳᠤ ᠬᠥᠮᠦᠰ ᠢ ᠴᠠᠭ ᠲᠤᠬᠠᠶ ᠳᠤᠨᠢ ᠲᠠᠷᠬᠠᠭᠠᠬᠤ ᠶᠢᠨ ᠬᠠᠮᠲᠤ ᠭᠠᠯ ᠤᠨᠲᠠᠷᠠᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠪᠠᠰᠠ ᠦᠷᠭᠦᠯᠵᠢᠯᠡᠨ ᠬᠦᠴᠦᠯᠡᠵᠦ᠂ ᠬᠠᠢ ᠪᠧᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠬᠢᠬᠦ ᠪᠣᠯᠤᠨ᠎ᠠ᠃ ᠡᠯ᠎ᠡ ᠠᠳᠠᠯ ᠠᠬᠤᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠤᠳᠤᠭᠠᠳᠤ ᠶᠢᠨ ᠭᠠᠯ ᠤᠨ ᠭᠠᠮᠰᠢᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢ ᠳᠡᠭᠡᠭᠰᠢᠯᠡᠭᠦᠯᠵᠦ᠂ ᠵᠢᠵᠢᠭ ᠲᠣᠭᠤᠷᠢᠭ ᠤᠨ ᠭᠠᠯ ᠤᠨ ᠠᠶᠤᠯ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ  ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号