ᠬᠠᠶᠢᠷᠤᠪ ᠤᠨ ᠲᠣᠬᠤᠢ ᠲᠣᠭᠤᠷᠢᠭ 2020 ᠣᠨ ᠤ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-31
     ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠣᠬᠤᠢ ᠲᠣᠭᠤᠷᠢᠭ      7 ᠰᠠᠷ᠎ᠠ ᠶᠢᠨ 27᠎ ᠤ ᠡᠳᠦᠷ᠂ ᠬᠠᠶᠢᠷᠤᠪ ᠤᠨ ᠲᠣᠬᠤᠢ ᠲᠤᠭᠤᠷᠢᠭ ᠤᠨ 2020 ᠣᠨ ᠤ ᠭᠤᠷᠪᠠᠳᠤᠭᠠᠷ ᠤᠯᠠᠷᠢᠯ ᠤᠨ ᠠᠶᠤᠯ ᠥᠬᠡᠶ ᠤᠶᠢᠯᠡᠤᠡᠪᠤᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ 7 ᠰᠠᠷ᠎ᠠ ᠶᠢᠨ 17᠎ ᠤ ᠡᠳᠦᠷ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠣᠶᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠵᠢᠯ ᠢ ᠴᠢᠩᠬᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠢ ᠤᠯᠠᠮᠵᠢᠯᠠᠨ ᠰᠤᠷᠤᠯᠴᠠᠵᠠᠶ᠃ᠬᠠᠶᠢᠷᠤᠪ ᠤᠨ ᠲᠣᠬᠤᠢ  ᠲᠤᠭᠤᠷᠢᠭ ᠤᠨ 2020 ᠣᠨ ᠤ ᠳᠡᠭᠡᠷ᠎ᠡ ᠬᠠᠭᠠᠰ ᠵᠢᠯ ᠤᠨ ᠠᠶᠤᠯ ᠥᠬᠡᠶ ᠤᠶᠢᠯᠡᠤᠡᠪᠤᠷᠢᠯᠡᠯ ᠪᠠ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠵᠢᠴᠢ 7 ᠰᠠᠷ᠎ᠠ ᠶᠢᠨ 26᠎ ᠤ ᠡᠳᠦᠷ ᠤᠨ ᠥᠷᠯᠥᠭᠡ ᠶᠢᠨ ᠦᠶᠡᠷ ᠤᠨ ᠵᠢᠵᠢᠭᠦᠷᠯᠡᠵᠦ ᠰᠤᠭᠤᠴᠢᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ 2020 ᠣᠨ ᠤ ᠳᠡᠭᠡᠷ᠎ᠡ ᠬᠠᠭᠠᠰ ᠵᠢᠯ ᠤᠨ ᠠᠶᠤᠯ ᠥᠬᠡᠶ ᠤᠶᠢᠯᠡᠤᠡᠪᠤᠷᠢᠯᠡᠯ ᠪᠠ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠬᠦ ᠶᠢ ᠰᠣᠨᠣᠰᠬᠤ ᠶᠢᠨ ᠬᠠᠮᠲᠤ ᠠᠶᠤᠯ ᠥᠬᠡᠶ ᠤᠶᠢᠯᠡᠤᠡᠪᠤᠷᠢᠯᠡᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠬᠡᠷᠡᠭᠲᠡᠶ᠃
    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠡ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠬᠦ ᠬᠡᠷᠡᠭᠲᠡᠢ᠃ ᠭᠤᠤᠯᠳᠠᠯᠭ᠎ᠠ ᠲᠠᠢ ᠠᠵᠢᠯ ᠲᠥᠷᠥᠯ ᠪᠣᠯᠤᠨ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠳᠤᠪᠤᠶᠢᠮ᠎ᠠ ᠰᠠᠶᠢᠲᠤᠷ ᠠᠳᠬᠤᠬᠤ ᠬᠡᠷᠡᠭᠲᠡᠶ᠃ ᠨᠡᠭᠦᠷᠡᠰᠦᠨ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠪᠤᠰᠤ ᠠᠭᠤᠷᠬᠠᠶ᠂ ᠪᠠᠷᠢᠯᠭ᠎ᠠ ᠪᠠᠷᠢᠬᠤ᠂ ᠵᠠᠮ ᠲᠡᠭᠡᠭᠡᠪᠦᠷᠢ᠂ ᠬᠥᠮᠦᠨ ᠣᠯᠠᠨ ᠴᠤᠭᠯᠠᠷᠠᠬᠤ ᠭᠠᠵᠠᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠪᠠᠶᠢᠩᠭᠤᠵᠢᠭᠰᠠᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠵᠡᠷᠭᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠡᠨᠡ ᠵᠢᠯ ᠤᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠤᠣᠯ ᠤᠨ ᠵᠠᠮ ᠢ ᠴᠡᠪᠡᠷᠯᠡᠨ ᠴᠡᠭᠴᠡᠯᠡᠬᠦ ᠪᠠ 2018 ᠣᠨ ᠳᠤ ᠭᠤᠣᠯ ᠤᠨ ᠵᠠᠮ ᠤᠨ ᠤᠰᠤ ᠥᠩᠭᠡᠷᠡᠬᠦ ᠣᠷᠣᠨ ᠪᠦᠰᠡ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠰᠢᠢᠤᠡᠪᠤᠷᠢᠯᠡᠬᠦ ᠬᠡᠷᠡᠭᠲᠡᠶ︔ ᠳ᠋ᠦᠡᠭᠱᠠᠨ ᠤ ᠦᠶᠡᠷ ᠢ ᠰᠡᠷᠭᠡᠶᠢᠯᠡᠬᠦ ᠭᠤᠤᠯ ᠤᠨ ᠵᠠᠮ ᠢ ᠵᠠᠰᠠᠬᠤ ᠢᠨᠵᠧᠨᠧᠷᠢᠩ ᠢ ᠲᠦᠷᠭᠡᠬᠡᠨ ᠡᠬᠢᠯᠡᠭᠦᠯᠵᠦ᠂ ᠦᠶᠡᠷ ᠵᠠᠯᠠᠬᠤ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠡᠯ᠎ᠡ ᠬᠠᠷᠢᠭᠤᠴᠠᠯᠭᠠᠲᠤ ᠨᠢᠭᠡᠴᠡ ᠭᠤᠤᠯ ᠤᠨ ᠵᠠᠮ ᠤᠨ ᠳᠡᠭᠡᠳᠦ ᠤᠷᠤᠰᠬᠠᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠭᠤᠤᠯᠳᠠᠯᠭ᠎ᠠ ᠲᠠᠢ ᠵᠩᠭᠠᠤᠡᠬᠠᠵᠤ᠂ ᠮᠡᠳᠡᠭᠡ ᠵᠠᠩᠭᠢ ᠰᠢᠯᠤᠭᠤᠨ ᠪᠤᠰᠤ ᠠᠴᠠ ᠪᠣᠯᠵᠣ ᠴᠠᠭ ᠲᠤᠬᠠᠶ ᠳᠤᠨᠢ ᠰᠢᠢᠤᠡᠪᠤᠷᠢᠯᠡᠭᠰᠡᠨ ᠥᠬᠡᠶ ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠨ᠎ᠡ᠃ ᠤᠯᠠᠷᠢᠯ ᠤᠨ ᠣᠨᠴᠠᠯᠢᠭ ᠲᠠᠢ ᠤᠶᠠᠯᠳᠤᠭᠤᠯᠤᠨ᠂ ᠵᠤᠨ ᠤ ᠤᠯᠠᠷᠢᠯ ᠤᠨ ᠥᠨᠳᠥᠷ ᠳᠤᠯᠠᠭᠠᠨ ᠠᠭᠤᠷ ᠠᠮᠢᠰᠬᠤᠯ ᠤᠨ ᠠᠮᠤᠷ ᠲᠦᠪᠰᠢᠨ ᠤ ᠬᠠᠮᠢᠶᠠᠷᠤᠯᠲᠠ ᠪᠣᠯᠤᠨ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠵᠢᠵᠢᠭᠦᠷᠯᠡᠨ ᠰᠠᠬᠢᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠤᠰ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯᠲᠠᠳ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠨᠡᠮᠡᠭᠳᠡᠭᠦᠯᠵᠦ᠂ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ  ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠬᠠᠳᠬᠠᠨ᠎ᠠ᠃ ᠠᠪᠤᠷᠠᠨ ᠲᠤᠰᠠᠯᠠᠬᠤ ᠡᠩᠨᠡᠭᠡ ᠪᠠ ᠠᠪᠤᠷᠠᠨ ᠲᠤᠰᠠᠯᠠᠬᠤ ᠡᠳ᠋ ᠪᠣᠳᠠᠰ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠳᠤ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠠᠶᠤᠯ ᠦᠭᠡᠶ ᠤᠶᠢᠯᠡᠤᠡᠪᠤᠷᠢᠯᠡᠯ ᠪᠣᠯᠤᠨ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠶᠢ ᠴᠢᠬᠤᠯᠠ ᠠᠵᠢᠯ ᠤᠨ ᠡᠭᠦᠷᠭᠡ ᠪᠣᠯᠭᠠᠵᠠᠶ᠃ ᠭᠠᠷ ᠲᠠᠭᠠᠨ ᠠᠳᠬᠤᠵᠤ᠂ ᠮᠥᠷᠥᠨ ᠳᠡᠭᠡᠨ ᠡᠭᠦᠷᠴᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ  ᠲᠦᠪᠰᠢᠨ ᠢ ᠡᠷᠡᠰ ᠬᠠᠮᠠᠭᠠᠯᠠᠨ᠎ᠠ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ  ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号