ᠬᠠᠶᠢᠷᠤᠪ ᠤᠨ ᠲᠣᠬᠤᠢ ᠲᠣᠭᠤᠷᠢᠭ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 192 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/31
     7 ᠰᠠᠷ᠎ᠠ ᠶᠢᠨ 20᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 192 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠭᠢᠯᠡᠭᠰᠡᠨ ᠪᠥᠭᠡᠳ  ᠶᠠᠷᠢᠶ᠎ᠠ ᠲᠠᠯᠪᠢᠵᠠᠶ᠃
     ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠷ᠎ᠡ ᠬᠠᠭᠠᠰ ᠵᠢᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠵᠡᠷᠭᠡ  ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠲᠠᠷᠢᠶᠠᠯᠠᠬᠤ ᠣᠷᠣᠨ᠂ ᠲᠠᠷᠢᠶᠠᠯᠠᠩ ᠳᠤ ᠬᠤᠯᠪᠣᠭᠳᠠᠭᠰᠠᠨ ᠨᠡᠶᠢᠭᠡᠮ ᠲᠤᠭᠤᠷᠢᠭ ᠲᠤ ᠬᠤᠯᠪᠣᠭᠳᠠᠭᠰᠠᠨ ᠨᠠᠮ ᠤᠨ ᠭᠡᠰᠢᠭᠦᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ  ᠵᠦᠷᠢᠴᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠬᠦ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ ︵ᠬᠢᠨᠠᠭᠤᠯᠬᠤ ᠪᠠᠷ ᠳᠡᠪᠰᠢᠭᠦᠯᠬᠦ ᠨᠣᠤᠷᠠᠭ︶︾᠎ ᠢ ᠰᠤᠳᠤᠯᠤᠨ ᠬᠢᠨᠠᠨ ᠵᠥᠪᠯᠡᠪᠡ᠃
     ᠴᠢ ᠹᠸᠢ ᠶᠦᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠥᠪᠡᠷ ᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠬᠡᠷᠡᠭᠲᠡᠶ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠷᠢᠭ ᠤᠨ ᠡᠯ᠎ᠡ ᠵᠤᠶᠢᠯ ᠤᠨ ᠠᠵᠢᠯ ᠳᠤ ᠨᠠᠶᠢᠳᠠᠪᠤᠷᠢᠵᠢᠭᠤᠯᠤᠨ᠎ᠠ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠶ︔ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠠᠯ᠎ᠠ ᠪᠠᠷ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠢ ᠴᠡᠭᠴᠡᠯᠡᠨ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠦᠨᠵᠡᠭᠡᠶ ᠠᠭᠤᠳᠠᠯᠵᠤ  ᠲᠤᠶᠢᠯᠪᠤᠷᠢᠲᠠᠢ ᠪᠠᠶᠢᠴᠠᠭᠠᠬᠤ ᠳᠡᠭᠡᠷ᠎ᠡ ᠬᠠᠲᠠᠭᠤ ᠬᠦᠴᠦ ᠣᠷᠣᠭᠤᠯᠤᠨ᠎ᠠ᠃ ᠲᠠᠩᠰᠠ ᠲᠤᠰᠢᠶᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ᠂ ᠦᠵᠡᠯ ᠰᠠᠨᠠᠭ᠎ᠠ ᠲᠠᠨᠢᠯᠲᠠ ᠪᠠᠨ ᠨᠢᠭᠡᠤᠡᠭᠡᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠎ᠠ᠃ ᠭᠤᠣᠯᠳᠠᠯᠭ᠎ᠠ ᠪᠠᠨ ᠲᠣᠪᠤᠶᠢᠯᠭᠠᠨ᠂ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ  ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号