ᠬᠠᠶᠢᠷᠤᠪ ᠤᠨ ᠲᠣᠬᠤᠢ ᠲᠣᠭᠤᠷᠢᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2020/7/9
     3 ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠷᠦᠩᠬᠡᠶ ᠠᠩᠭᠢ ᠶᠢᠨ ᠳᠠᠷᠤᠭ᠎ᠠ ᠰᠥᠩ ᠰᠢ ᠳ᠋ᠦᠩ᠂ ᠦᠬᠠᠶ ᠱᠸᠡᠨ ᠮᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠣᠮᠫᠠᠨᠢ ᠶᠢᠨ ᠳᠠᠭᠠᠭᠠᠮᠠᠯ ᠭᠤᠣ ᠯᠢ ᠪᠥᠸᠧ ᠲᠠᠢ ᠬᠠᠮᠲᠤ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠭᠤᠤ ᠵᠢᠶᠧ ᠶᠢᠨ ᠬᠡᠷ ᠲᠤ ᠬᠦᠷᠴᠦ᠂ ᠭᠤᠤ ᠵᠢᠶᠧ᠂ ᠯᠢᠨ ᠵᠢᠶᠧ ᠬᠤᠶᠠᠷ ᠬᠡᠤᠬᠡᠳ ᠲᠤ 3000 ᠲᠥᠭᠦᠷᠢᠭ ᠤᠨ ᠰᠤᠷᠤᠯᠭ᠎ᠠ ᠶᠢ ᠲᠡᠳᠬᠦᠬᠦ ᠲᠣᠬᠤᠨᠢᠭᠤᠯᠬᠤ ᠮᠥᠩᠭᠦ ᠬᠦᠷᠭᠡᠬᠦ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠠᠮᠢᠳᠤᠷᠠᠯ ᠪᠠ ᠰᠤᠷᠤᠯᠭ᠎ᠠ ᠶᠢᠨ ᠪᠠᠶᠢᠳᠠᠯ ᠢ ᠣᠶᠢᠯᠠᠭᠠᠵᠤ᠂ ᠬᠤᠶᠠᠷ ᠬᠡᠤᠬᠡᠳ ᠤᠨ ᠰᠠᠶᠢᠲᠤᠷ ᠰᠤᠷᠤᠯᠴᠠᠬᠤ ᠶᠢ ᠵᠣᠷᠢᠭᠵᠢᠭᠤᠯᠪᠠ᠃ ᠬᠤᠶᠠᠷ ᠬᠡᠤᠬᠡᠳ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯᠲᠠᠨ ᠪᠣᠯᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠶᠠᠳᠠᠭᠤ ᠶᠢ ᠲᠡᠳᠬᠦᠬᠦ ᠶᠡᠷᠦᠩᠬᠡᠶ ᠠᠩᠭᠢ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠰᠠᠶᠢᠲᠤᠷ ᠰᠤᠷᠤᠯᠴᠠᠬᠤ ᠳᠠᠭᠠᠨ ᠣᠯᠠᠨ ᠤ ᠬᠠᠶᠢᠷ᠎ᠠ ᠬᠠᠯᠠᠮᠵᠢ ᠶᠢ ᠶᠠᠭᠠᠬᠢᠭᠰᠠᠨ ᠴᠤ ᠬᠥᠰᠡᠷᠳᠡᠭᠦᠯᠬᠦ ᠥᠬᠡᠶ ᠭᠡᠵᠡᠶ᠃       2020 ᠤᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠴᠦᠰ ᠤᠨ ᠵᠢᠯ ᠪᠣᠯᠤᠨ᠎ᠠ᠂ ᠪᠠᠶᠠᠨ ᠤᠰᠤ ᠲᠤᠰᠬᠤᠨ ᠤ ᠣᠳᠣᠬᠠᠨ ᠳᠤ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠦᠷᠲᠡᠵᠦ ᠪᠠᠶᠢᠭ᠎ᠠ12 ᠡᠷᠦᠬᠡ 27 ᠬᠦᠮᠤᠨ ᠨᠢ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠬᠠᠪᠰᠤᠷᠤᠨ ᠲᠡᠳᠬᠦᠬᠦ ᠨᠢᠭᠡᠴᠢ ᠶᠢᠨ ᠬᠠᠪᠰᠤᠷᠤᠯᠭ᠎ᠠ᠂ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠤᠨ ᠬᠥᠮᠦᠰ ᠤᠨ ᠬᠠᠯᠠᠮᠵᠢᠯᠠᠯ ᠪᠣᠯᠤᠨ ᠥᠪᠡᠷ ᠤᠨ ᠴᠢᠷᠮᠠᠶᠢᠯᠭ᠎ᠠ ᠳᠤ ᠲᠦᠰᠢᠭᠯᠡᠵᠦ᠂ ᠲᠡᠳᠡᠨ ᠤ ᠭᠡᠷ ᠪᠦᠯᠢ ᠶᠢᠨ ᠣᠷᠣᠯᠭ᠎ᠠ ᠤᠯᠠᠮ ᠠᠴᠠ ᠤᠯᠠᠮ ᠥᠨᠳᠥᠷ᠂ ᠤᠯᠠᠮ ᠠᠴᠠ ᠤᠯᠠᠮ ᠲᠣᠭᠲᠠᠭᠤᠨ ᠢᠶᠠᠷ ᠪᠠᠶᠠᠵᠢᠬᠤ ᠢᠲᠡᠭᠡᠯ ᠨᠢ ᠴᠦ ᠨᠡᠩ ᠭᠦᠢᠴᠡᠳ ᠪᠣᠯᠤᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号