ᠬᠠᠶᠢᠷᠤᠪ ᠤᠨ ᠲᠤᠬᠤᠢ ᠲᠣᠭᠤᠷᠢᠭ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠤᠭᠤᠷᠢᠨ ᠪᠠᠶᠢᠴᠠᠭᠠᠯᠲᠠ ︽ᠡᠷᠬᠢᠨ ᠬᠠᠷᠠᠬᠤ︾ ᠪᠣᠯᠤᠨ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/9
     2020 ᠣᠨ ᠤ 3 ᠰᠠᠷ᠎ᠠ ᠶᠢᠨ 20᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠬᠤᠩ ᠪᠥᠸᠧ ᠬᠠᠶᠢᠷᠤᠪ ᠤᠨ ᠲᠤᠬᠤᠢ ᠲᠣᠭᠤᠷᠢᠭ ᠤᠨ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠣᠯᠤᠨ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠬᠡᠤ᠂ ᠲᠣᠭᠤᠷᠢᠭ ‍ᠤᠨ‌ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠲᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠳᠠᠷᠤᠭ᠎ᠠ ᠰᠥᠩ ᠰᠢ ᠳ᠋ᠦᠩ᠂ ᠲᠣᠭᠤᠷᠢᠭ ᠲᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ᠂ ᠶᠠᠳᠠᠭᠤ ᠶᠢ ᠲᠡᠳᠬᠦᠬᠦ ᠠᠯᠪᠠᠨ ᠬᠡᠷ᠂ ᠴᠡᠭᠡᠯ ᠠᠭᠤᠯᠠ ᠪᠠᠯᠭᠠᠰᠤ᠂ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠠᠬᠢᠨᠲᠠ ᠳᠡᠭᠡᠭᠰᠢᠯᠡᠭᠦᠯᠤᠨ᠎ᠡ᠃ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ ᠶᠡᠷᠦᠩᠬᠡᠢ ᠲᠠᠭᠠᠷᠢᠯᠳᠠ ᠶᠢᠨ ᠵᠠᠷᠯᠢᠭ ᠪᠠᠭᠤᠯᠭᠠᠪᠠ᠂ ᠡᠯ᠎ᠡ ᠵᠦᠢᠯ ᠤᠨ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠵᠢᠷᠭᠤᠭᠠᠨ ᠵᠢᠯ ᠤᠨ 7 ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠷᠢᠯᠴᠠᠬᠤ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ ᠶᠢ ᠲᠠᠬᠢᠨ ᠳᠠᠪᠲᠠᠨ ᠰᠤᠷᠤᠯᠴᠠᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠠᠵᠢᠯ ᠤᠨ ᠠᠷᠭ᠎ᠠ ᠬᠡᠮᠵᠢᠶ᠎ᠡ ᠳᠠᠬᠢᠨ ᠭᠦᠨᠵᠡᠭᠡᠶᠢᠷᠡᠪᠡ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠵᠢᠯ ᠤᠨ ᠶᠡᠷᠦᠩᠬᠡᠶ ᠠᠩᠭᠢ ᠬᠢᠨᠠᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠠᠤᠡᠭᠡᠵᠤ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠭᠦᠢᠴᠠᠤᠡᠭᠡᠵᠤ᠂ ᠲᠠᠷᠢᠶᠠᠯᠠᠩ ᠳᠤ ᠬᠤᠯᠪᠣᠭᠳᠠᠬᠤ ᠪᠤᠶ ᠪᠦᠬᠦᠢ ᠲᠣᠰᠬᠤᠨ ︵ᠨᠡᠶᠢᠭᠡᠮ ᠲᠣᠭᠤᠷᠢᠭ︶᠎ ᠳᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠵᠦ᠂ ᠣᠷᠬᠢᠭᠳᠠᠭᠤᠯᠤᠭᠰᠠᠨ ᠵᠤᠶᠢᠯ ᠢ ᠪᠠᠶᠢᠴᠠᠭᠠᠨ ᠨᠥᠬᠦᠪᠥᠷᠢᠯᠡᠵᠦ᠂ ᠬᠠᠷᠠᠯᠲᠠ ᠶᠢᠨ ᠡᠭᠦᠷᠭᠡ ᠪᠠᠨ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠶ᠃ ᠭᠤᠷᠪᠠ ᠳᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠪᠠ᠃ ᠬᠠᠷᠢᠭᠤ ᠲᠤᠰᠬᠠᠭᠰᠠᠨ ᠠᠰᠠᠭᠤᠳᠠᠯ ᠤᠨ ᠳᠣᠲᠣᠷᠠᠬᠢ ᠲᠤᠰ ᠠᠵᠢᠯ ᠲᠥᠷᠥᠯ᠂ ᠲᠤᠰ ᠬᠦᠷᠢᠶ᠎ᠡ᠂ ᠲᠤᠰ ᠭᠠᠵᠠᠷ ᠣᠷᠣᠨ ᠲᠤ ᠬᠤᠯᠪᠣᠭᠳᠠᠬᠤ ᠠᠰᠠᠭᠤᠳᠠᠯ ᠲᠠᠢ ᠬᠠᠷᠢᠴᠠᠭᠤᠯᠤᠨ᠂ ᠪᠠᠷᠢᠮᠵᠢᠶ᠎ᠠ ᠪᠣᠯᠭᠠᠨ ᠬᠠᠷᠭᠤᠭᠤᠯᠵᠤ᠂ ᠨᠢᠭᠡ ᠡᠴᠠ‌ᠭᠤᠷᠪᠠ ᠶᠢ ᠮᠡᠳᠡᠵᠦ᠂ ᠮᠠᠨ ᠤ ᠲᠤᠭᠤᠷᠢᠭ ᠲᠤ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠦᠨᠡᠨᠬᠦ ᠶᠠᠪᠤᠭᠳᠠᠭᠤᠰᠢᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号