ᠬᠠᠶᠢᠷᠤᠪ ᠤᠨ ᠲᠣᠬᠤᠢ ᠲᠣᠭᠤᠷᠢᠭ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/9
     4 ᠰᠠᠷ᠎ᠠ ᠶᠢᠨ 24᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠢᠨ ᠠᠵᠤ ᠦᠢᠯᠡᠰ ᠤᠨ ᠰᠠᠯᠠᠭᠠᠨ ᠤ ᠷᠧᠨ ᠯᠤ᠋ ᠭᠤᠣᠯ ᠶᠠᠷᠢᠶ᠎ᠠ ᠲᠠᠯᠪᠢᠪᠠ᠃ ᠲᠤᠭᠤᠷᠢᠭ ᠎ ᠲᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠠᠷᠤᠩᠬᠡᠢ ᠠᠩᠬᠢ ᠶᠢᠨ ᠪᠦᠬᠦ ᠬᠥᠮᠦᠰ᠂ ᠶᠠᠳᠠᠭᠤ ᠶᠢ ᠲᠡᠳᠬᠦᠬᠦ ᠠᠯᠪᠠᠨ ᠭᠡᠷ ᠤᠨ ᠪᠦᠬᠦ ᠬᠥᠮᠦᠰ᠂ ᠡᠯ᠎ᠡ ᠲᠣᠰᠬᠤᠨ ᠳᠤ ᠰᠠᠭᠤᠭ᠎ᠠ‌ᠠᠵᠢᠯᠯᠠᠬᠤ ᠠᠩᠬᠢ ᠶᠢᠨ ᠪᠦᠬᠦ ᠬᠥᠮᠦᠰ᠂ ᠡᠯ᠎ᠡ ᠲᠣᠰᠬᠤᠨ ᠨᠡᠶᠢᠭᠡᠮ ᠲᠣᠭᠤᠷᠢᠭ ᠤᠨ ᠬᠤᠶᠠᠷ ᠵᠥᠪᠯᠡᠯ᠂ ᠡᠯ᠎ᠡ ᠬᠠᠪᠰᠤᠷᠤᠨ ᠲᠡᠳᠬᠦᠬᠦ ᠨᠢᠭᠡᠴᠢ ᠵᠢᠴᠢ ᠶᠠᠳᠠᠭᠤ ᠬᠦᠴᠢᠷᠳᠡᠯᠲᠡᠢ ᠡᠷᠦᠬᠡ ᠶᠢᠨ ᠲᠥᠯᠥᠭᠡᠯᠡᠭᠴᠢ ᠨᠡᠶᠢᠳᠡ 100 ᠬᠥᠮᠦᠨ ᠣᠷᠣᠯᠴᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠤ ᠤᠶᠢᠯᠡᠰ ᠤᠨ ᠰᠠᠯᠠᠭᠠᠨ ᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠠᠵᠤ ᠤᠶᠢᠯᠡᠰ ᠢᠶᠠᠷ ᠶᠠᠳᠠᠭᠤ ᠶᠢ ᠲᠡᠣᠡᠭᠦᠬᠦ ᠪᠠᠷ ᠳᠠᠶᠢᠴᠢᠯᠠᠬᠤ ᠬᠡᠪ ᠵᠠᠭᠪᠤᠷ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠮᠦᠩᠬᠦ  ᠶᠢᠨ ᠳᠠᠭᠠᠭᠠᠯᠲᠠ ᠲᠠᠢ ᠵᠢᠭᠡᠯᠡᠯᠭᠡ ᠶᠢᠨ ᠴᠤᠪᠤᠷᠠᠯ᠂ ᠠᠵᠤ ᠤᠶᠢᠯᠡᠰ ᠤᠨ ᠵᠢᠭᠠᠨ ᠵᠢᠯᠣᠭᠤᠳᠣᠭᠴᠢ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥᠯ ᠵᠤᠶᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠪᠠ ᠬᠡᠷᠡᠭᠵᠢᠭᠦᠯᠤᠯᠲᠡ ᠵᠡᠷᠭᠡ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠨᠢᠭᠲᠠ ᠲᠠᠶᠢᠯᠤᠮᠵᠢ ᠬᠢᠪᠠ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠭᠢ ᠶᠢ ᠬᠠᠪᠰᠤᠷᠤᠨ ᠲᠡᠳᠬᠦᠬᠦ ᠨᠢᠭᠡᠴᠡ ᠳᠤ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠩ ᠭᠦᠨᠵᠡᠭᠡᠶ ᠣᠶᠢᠯᠠᠭᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠲᠣᠭᠲᠠᠪᠤᠷᠢᠵᠢᠭᠤᠯᠬᠤ ᠶᠢ ᠠᠬᠢᠭᠤᠯᠬᠤ ᠳᠤ ᠰᠢᠨ᠎ᠡ ᠰᠡᠳᠬᠢᠮᠵᠢ ᠬᠠᠩᠭᠠᠵᠤ᠂ ᠠᠵᠤ ᠤᠶᠢᠯᠡᠰ ᠢ ᠪᠤᠶᠢᠵᠢᠭᠤᠯᠬᠤ ᠶᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠦᠨᠳᠦᠰᠦᠨ ᠭᠠᠷᠬᠤ ᠵᠠᠮ ᠪᠣᠯᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号